ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ ᠴᠠᠭ ᠢ ᠬᠤᠶᠢᠰᠢᠯᠠᠭᠤᠯᠤᠨ ᠲᠣᠬᠢᠷᠠᠭᠤᠯᠣᠭᠰᠠᠨ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2022/9/8
     ᠲᠦᠩᠯᠢᠶᠣᠣ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ  ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠯᠭᠠᠭᠰᠠᠳ ᠵᠢᠴᠢ ᠠᠵᠢᠯᠲᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ︽ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠯᠪᠠᠨ ᠵᠠᠷ︾ ᠤᠨ ᠲᠣᠭᠲᠠᠭᠠᠯ ᠢ ᠵᠢᠷᠣᠮᠯᠠᠨ᠂ 2022 ᠣᠨ ᠤ 9 ᠰᠠᠷ᠎ᠠ ᠶᠢᠨ 17 ᠤ ᠡᠳᠦᠷ ᠶᠠᠪᠣᠭᠳᠠᠭᠤᠯᠬᠤ ᠪᠠᠷ ᠲᠣᠭᠲᠠᠭᠰᠠᠨ ᠪᠢᠷ ᠤᠨ ᠰᠢᠯᠭᠠᠯᠲᠠ ᠶᠢ ᠬᠤᠶᠢᠰᠢᠯᠠᠭᠤᠯᠤᠨ ᠶᠠᠪᠣᠭᠳᠠᠭᠤᠯᠬᠤ ᠪᠠᠷ ᠪᠣᠯᠪᠠ᠂ ᠬᠤᠶᠢᠰᠢᠯᠠᠭᠤᠯᠤᠭᠰᠠᠨ ᠤ ᠳᠠᠷᠠᠭᠠᠬᠢ ᠪᠣᠳᠠᠲᠠᠢ ᠴᠠᠭ ᠢ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠵᠡᠵᠦ ᠠᠰ ᠲᠤᠨᠢ ᠵᠠᠷᠯᠠᠨ ᠨᠡᠶᠢᠲᠡᠯᠡᠨ᠎ᠡ᠃ ᠰᠢᠯᠠᠭᠠᠭᠰᠠᠳ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢ ᠨᠢᠭᠲᠠ ᠠᠩᠬᠠᠷᠴᠤ᠂ ᠠᠵᠢᠯᠲᠠᠨ ᠡᠯᠰᠡᠬᠦ ᠰᠢᠯᠭᠠᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠵᠤ᠂ ᠰᠢᠯᠭᠠᠯᠲᠠ ᠶᠢᠨ ᠪᠡᠯᠡᠳᠬᠡᠯ ᠠᠵᠢᠯ ᠢᠶᠠᠨ ᠰᠠᠶᠢᠲᠤᠷ ᠬᠢᠭᠡᠷᠡᠢ᠃              ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ              ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ              2022 ᠣᠨ ᠤ 9 ᠰᠠᠷ᠎ᠠ ᠶᠢᠨ 7 ᠤ ᠡᠳᠦᠷ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号