ᠯᠦᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠦᠭᠦ ᠬᠤᠰᠢᠭᠤᠨ ᠤ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/1/10
     1 ᠰᠠᠷ᠎ᠠ ᠶᠢᠨ 9 ᠤ ᠡᠳᠦᠷ᠂ ᠯᠦᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠦᠭᠦ ᠬᠤᠰᠢᠭᠤᠨ ᠤ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ ᠨᠡᠶᠢᠭᠡᠮ ᠲᠣᠭᠤᠷᠢᠭ ᠤᠨ ᠬᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠤᠬᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠬᠥᠭᠵᠢᠯᠲᠡ ᠶᠢᠨ ᠡᠭᠦᠷᠭᠡ ᠪᠠᠨ ᠲᠣᠳᠣᠷᠬᠠᠶᠢᠯᠠᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠭᠦᠨ ᠤ ᠬᠠᠮᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠠᠮᠤᠭ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠠᠴᠠ ᠭᠠᠷᠳᠠᠵᠤ᠂ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠤᠯᠠᠨ ᠲᠦᠮᠡᠨ ᠤ ᠬᠦᠰᠡᠵᠦ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃     
微信图片_20230110095923.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号