ᠵᠠᠷᠤᠳ ᠬᠤᠰᠢᠭᠤ 2023 ᠣᠨ ᠤ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠬᠠᠣᠯᠢ ᠶᠢ ᠵᠣᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠬᠢᠪᠡ
ᠨᠡᠶᠢᠲᠡᠯᠡᠭᠰᠡᠨ ᠴᠠᠭ᠄
2023/1/10
   1 ᠰᠠᠷ᠎ᠠ ᠶᠢᠨ 9 ᠤ ᠡᠳᠦᠷ᠂ ᠵᠠᠷᠤᠳ ᠬᠤᠰᠢᠭᠤ 2023 ᠣᠨ ᠤ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠬᠠᠣᠯᠢ ᠶᠢ ᠵᠦᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠬᠠᠣᠯᠢ ᠶᠢ ᠵᠦᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ᠂ ᠡᠯ᠎ᠡ ᠬᠤᠳᠠᠯᠳᠤᠭᠠᠨ ᠤ ᠪᠠᠩᠬᠢ ᠶᠢᠨ ᠬᠠᠷᠢᠭᠤᠴᠠᠯᠭᠠᠲᠠᠨ ᠵᠢᠴᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠢᠶ᠎ᠠ ᠪᠦᠬᠦᠢ ᠴᠠᠭᠳᠠᠭᠠᠨ ᠤ ᠲᠥᠷᠥᠯ ᠤᠨ ᠵᠠᠩᠭᠢᠯᠭ᠎ᠠ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃
70e1f0983f7ed390b74ced9dcdacf58.jpg
    ᠮᠦ ᠲᠢᠶᠧ ᠮᠢᠨ ᠵᠢᠭᠠᠪᠣᠷᠢᠯᠠᠭᠰᠠᠨ ᠨᠢ᠂ ᠣᠳᠣ ᠶᠠᠭ ᠵᠢᠯ ᠤᠨ ᠡᠴᠦᠰ ᠪᠣᠯᠵᠤ ᠪᠠᠶᠢᠨ᠎ᠠ᠂ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠬᠡᠷᠡᠭ ᠣᠯᠠᠨ ᠭᠠᠷᠳᠠᠭ ᠴᠠᠭ ᠬᠤᠭᠤᠴᠠᠭ᠎ᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠥᠨᠳᠥᠷᠴᠡ ᠠᠴᠠ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠪᠣᠳᠣᠯᠬᠢᠯᠠᠬᠤ᠂ ᠲᠠᠨᠢᠬᠤ᠂ ᠰᠦᠪᠡᠭᠴᠢᠯᠡᠬᠦ ᠪᠠ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠲᠥᠪ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠣᠳᠣᠬᠠᠨ ᠤ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠶᠠᠯᠠᠲᠤ ᠠᠵᠢᠯᠯᠠᠭ᠎ᠠ ᠶᠢᠨ ᠪᠠᠶᠢᠳᠠᠯ ᠤᠨ ᠬᠦᠨᠳᠦ ᠨᠣᠴᠢᠲᠠᠢ ᠨᠠᠷᠢᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠠᠯᠢᠪᠠ ᠠᠷᠭ᠎ᠠ ᠬᠡᠮᠵᠢᠶ᠎ᠡ ᠶᠢ ᠠᠪᠴᠤ᠂ ᠠᠷᠭ᠎ᠠ ᠪᠠᠷᠢᠯ ᠢ ᠪᠤᠳᠣᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠪᠡ᠃
1b060953fd9a35b90998eb225b722b1.jpg
    ᠮᠦ ᠲᠢᠶᠧ ᠮᠢᠨ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠬᠢᠨ ︽ᠬᠤᠶᠠᠷ ᠢ ᠪᠠᠭᠠᠰᠬᠠᠵᠤ ᠬᠤᠶᠠᠷ ᠢ ᠳᠡᠭᠡᠭᠰᠢᠯᠡᠭᠦᠯᠬᠦ︾ ᠬᠠᠷᠠᠯᠲᠠ ᠶᠢ ᠴᠢᠩᠭ᠎ᠠ ᠠᠩᠬᠠᠷᠴᠤ᠂ ︽ᠪᠠᠶᠢᠯᠳᠤᠵᠤ ᠳᠡᠶᠢᠯᠬᠦ᠂ ᠰᠡᠷᠭᠡᠶᠢᠯᠡᠵᠦ ᠳᠡᠶᠢᠯᠬᠦ᠂ ᠨᠡᠬᠡᠵᠦ ᠠᠪᠴᠢᠷᠠᠵᠤ ᠳᠡᠶᠢᠯᠬᠦ︾ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠢᠳᠡᠪᠬᠢᠲᠡᠢ ᠪᠠᠷ ᠠᠵᠢᠯ ᠬᠢᠬᠦ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠡᠷᠡᠭ᠂ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠶᠠᠯᠠᠲᠤ ᠠᠵᠢᠯᠯᠠᠭ᠎ᠠ ᠤᠯᠠᠨ ᠡᠭᠦᠰᠬᠦ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠢ᠃ ᠠᠵᠢᠯ ᠲᠥᠷᠥᠯ ᠤᠨ ᠬᠢᠨᠠᠨ ᠡᠵᠡᠮᠳᠡᠬᠦ ᠶᠢ ᠴᠢᠩᠭᠠᠳᠬᠠᠵᠤ᠂ ᠦᠪᠡᠷ ᠦᠪᠡᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ᠂ ᠲᠣᠰ ᠠᠵᠢᠯ ᠲᠥᠷᠥᠯ᠂ ᠲᠣᠰ ᠰᠢᠰᠲ᠋ᠧᠮ᠂ ᠲᠣᠰ ᠬᠦᠷᠢᠶᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠲᠦᠭᠰᠢᠭᠦᠷᠢ ᠪᠠ ᠬᠠᠮᠢᠶᠠᠷᠤᠯᠲᠠ ᠶᠢᠨ  ᠲᠠᠯ᠎ᠠ ᠪᠠᠷ ᠬᠢ ᠳᠤᠲᠠᠭᠳᠠᠯ ᠢᠶᠠᠨ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠦᠷᠦᠯᠴᠡᠬᠦ ᠦᠭᠡᠢ ᠵᠦᠢᠯ ᠢᠶᠠᠨ ᠡᠷᠡᠰ ᠨᠦᠬᠦᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠴᠠᠭᠳᠠᠭᠠᠨ ᠤ ᠬᠦᠴᠦᠨ ᠨᠢ ᠴᠠᠭᠳᠠᠭᠠᠨ ᠤ ᠪᠠᠶᠢᠳᠠᠯ ᠢ ᠳᠠᠭᠠᠵᠤ ᠶᠠᠪᠤᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠮᠡᠬᠡᠯᠡᠯ ᠢ ᠡᠰᠡᠷᠭᠦᠴᠡᠬᠦ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠳᠤ ᠪᠥᠬᠦ ᠬᠡᠯᠬᠢᠶ᠎ᠡ ᠪᠠᠷ ᠭᠦᠨᠵᠡᠭᠡᠢ ᠴᠣᠬᠢᠯᠲᠠ ᠥᠭᠴᠦ᠂ ᠨᠢᠭᠡ ᠪᠦᠯᠦᠭ ᠮᠡᠳᠡᠭᠡ ᠵᠠᠩᠭᠢ ᠶᠢᠨ ᠴᠣᠪᠣᠷᠠᠯ᠂ ᠪᠡᠯᠡ ᠮᠥᠩᠭᠦᠨ ᠤ  ᠣᠷᠣᠰᠬᠠᠯ ᠢ ᠲᠤᠷᠰᠢᠨ ᠪᠠᠶᠢᠴᠠᠭᠠᠬᠤ ᠲᠠᠯ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠲᠤᠰᠬᠠᠶᠢᠯᠠᠨ ᠲᠠᠩᠨᠠᠨ ᠰᠢᠢᠳᠪᠦᠷᠢᠯᠡᠬᠦ ᠳᠤ ᠬᠡᠷᠡᠭᠯᠡᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠲᠤᠰᠬᠠᠢ ᠮᠡᠷᠭᠡᠵᠢᠯ ᠤᠨ ᠬᠦᠴᠦᠨ ᠬᠠᠩᠭᠠᠬᠤ ᠬᠡᠷᠡᠭᠲᠡᠢ ᠭᠡᠪᠡ᠃
50a37f6be7e12932f3c0b1ebdaa1f45.jpg
    ᠮᠦ ᠲᠢᠶᠧ ᠮᠢᠨ ᠴᠢᠬᠤᠯᠠᠴᠢᠯᠠᠭᠰᠠᠨ ᠨᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠢᠨᠠᠨ ᠰᠢᠯᠭᠠᠯᠲᠠ ᠶᠢᠨ ︽ᠳᠣᠬᠢᠭᠤᠷ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠬᠠᠣᠯᠢ ᠶᠢ ᠵᠦᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠢ ᠠᠮᠤᠷ ᠠᠮᠤᠭᠤᠯᠠᠩ ᠵᠠᠷᠣᠳ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠢᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ 406 ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠴᠠᠭᠳᠠᠭᠠᠨ ᠤ ᠲᠥᠷᠥᠯ ᠤᠨ ᠳᠠᠪᠠᠭᠤᠯᠢᠭ ᠡᠬᠢ ᠪᠠᠶᠠᠯᠢᠭ ᠢᠶᠠᠨ ᠭᠦᠢᠴᠡᠳ ᠠᠰᠢᠭᠯᠠᠨ᠂  ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠮᠡᠬᠡᠯᠡᠬᠦ ᠶᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠵᠦ ᠢᠳᠬᠠᠨ ᠬᠤᠷᠢᠭᠯᠠᠬᠤ ᠠᠵᠢᠯ ᠢ ᠰᠠᠶᠢᠲᠤᠷ ᠬᠢᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠡᠷᠡᠭ ᠡᠭᠦᠰᠬᠦ ᠶᠢ ᠪᠥᠬᠦ ᠬᠦᠴᠦᠨ ᠢᠶᠠᠷ ᠢᠶᠠᠨ ᠪᠠᠭᠠᠰᠬᠠᠨ ᠬᠤᠷᠢᠭᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠢᠨ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠪᠠᠭ᠂ ᠨᠡᠶᠢᠭᠡᠮ ᠲᠣᠭᠤᠷᠢᠭ ᠤᠨ ᠲᠤᠤᠷ ᠤᠨ ᠠᠵᠢᠯᠲᠠᠨ᠂ ᠣᠶᠤᠲᠠᠨ ᠰᠠᠶᠢᠨ ᠳᠣᠷᠠᠴᠣᠳ ᠵᠡᠷᠭᠡ ᠦᠨᠳᠦᠰᠦᠨ ᠱᠠᠲᠤᠨ ᠤ ᠰᠠᠭᠤᠷᠢ ᠡᠬᠢ ᠪᠠᠶᠠᠯᠢᠭ ᠢ ᠪᠦᠬᠦ ᠲᠠᠯ᠎ᠠ ᠪᠠᠷ ᠰᠠᠶᠢᠲᠤᠷ ᠠᠰᠢᠭᠯᠠᠵᠤ᠂ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠨ᠂ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠴᠠᠭᠳᠠᠭ᠎ᠠ ᠮᠡᠬᠡᠯᠡᠬᠦ ᠶᠢ ᠡᠰᠡᠷᠭᠦᠴᠡᠬᠦ᠂ ᠪᠥᠬᠦ ᠠᠷᠠᠳ ᠮᠡᠬᠡᠯᠡᠬᠦ ᠶᠢ ᠡᠰᠡᠷᠭᠦᠴᠡᠬᠦ᠂ ᠨᠡᠶᠢᠭᠡᠮ ᠳᠠᠶᠠᠭᠠᠷ ᠢᠶᠠᠷ ᠢᠶᠠᠨ ᠮᠡᠬᠡᠯᠡᠬᠦ ᠶᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠵᠤ᠂ ᠠᠷᠠᠳ ᠣᠯᠠᠨ ᠤ ︽ᠵᠣᠭᠤᠰᠤᠨ ᠪᠣᠭᠴᠣ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠪᠡ᠃
c0425db4aec4b903d920c32181d95c3.jpg
    ᠬᠤᠷᠠᠯ ᠳᠡᠭᠡᠷ᠎ᠡ᠂ 2022 ᠣᠨ ᠤ ᠪᠥᠬᠦ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠭᠰᠠᠨ ᠠᠵᠢᠯ ᠤᠨ ᠪᠠᠶᠢᠳᠠᠯ ᠢ ᠮᠡᠳᠡᠭᠳᠡᠪᠡ︔ ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠷᠰᠢᠯᠭ᠎ᠠ ᠪᠠᠨ ᠰᠣᠯᠢᠯᠴᠠᠬᠤ ᠲᠣᠪᠴᠢ ᠶᠠᠷᠢᠶ᠎ᠠ ᠲᠠᠯᠪᠢᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号