ᠵᠠᠷᠤᠳ ᠬᠤᠰᠢᠭᠤ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠤ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠠᠵᠢᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/1/10
    1 ᠰᠠᠷ᠎ᠠ ᠶᠢᠨ 9 ᠤ ᠡᠳᠦᠷ᠂ ᠲᠦᠩᠯᠢᠶᠣᠣ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠲᠥᠪ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠲᠦᠩᠯᠢᠶᠣᠣ ᠬᠤᠲᠠ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠵᠦᠩ ᠲᠢᠶᠧ ᠺᠣᠮᠫᠠᠨᠢ ᠶᠢᠨ ᠳᠥᠷᠪᠡᠳᠦᠭᠡᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠬᠢᠯᠡᠭᠰᠡᠨ ᠬᠤᠷᠴᠢᠨ ᠤ ᠲᠠᠯ᠎ᠠ ᠨᠤᠲᠤᠭ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠤ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠯᠪᠢᠨ ᠵᠠᠰᠠᠬᠤ ᠢᠨᠵᠧᠨᠧᠷᠢᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠤᠶᠢᠲᠤ ᠬᠡᠰᠡᠭ ᠤᠨ ᠠᠭᠤᠯᠠᠷᠬᠠᠭ ᠣᠷᠣᠨ ᠤ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠠᠭᠤᠯᠠᠨ ᠦᠶᠡᠷ ᠲᠤ ᠢᠳᠡᠭᠳᠡᠭᠰᠡᠨ ᠭᠤᠤ ᠶᠢ ᠵᠠᠰᠠᠬᠤ ᠢᠨᠵᠧᠨᠧᠷᠢᠩ ᠤᠨ ᠠᠵᠢᠯ ᠡᠬᠢᠯᠡᠬᠦ ᠶᠣᠰᠣᠯᠠᠯ ᠯᠦᠪᠧᠢ ᠪᠠᠯᠭᠠᠰᠤᠨ ᠤ ᠳ᠋ᠣᠣ ᠽᠢ ᠪᠠ ᠲᠣᠰᠬᠤᠨ ᠳᠤ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠭᠠᠵᠠᠷ ᠪᠠ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠤᠯᠲᠠ᠂ ᠵᠢᠷᠤᠭ ᠲᠥᠯᠥᠪᠯᠡᠭᠡ ᠵᠡᠷᠭᠡ ᠬᠠᠮᠢᠶ᠎ᠠ ᠪᠦᠬᠦᠢ ᠨᠢᠭᠡᠴᠡ ᠵᠢᠴᠢ ᠬᠤᠰᠢᠭᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃     
微信图片_20230110100009.jpg
     ᠶᠣᠰᠣᠯᠠᠯ ᠳᠡᠭᠡᠷ᠎ᠡ ᠭᠦᠸᠧ ᠶᠠ ᠹᠧᠩ ᠵᠢᠭᠠᠵᠤ ᠭᠠᠷᠭᠠᠭᠰᠠᠨ ᠨᠢ᠂ ᠠᠭᠤᠯᠠᠨ ᠦᠶᠡᠷ ᠲᠤ ᠢᠳᠡᠭᠳᠡᠭᠰᠡᠨ ᠭᠤᠤ ᠶᠢ ᠵᠠᠰᠠᠬᠤ ᠢᠨᠵᠧᠨᠧᠷᠢᠩ ᠪᠣᠯ ᠵᠠᠷᠤᠳ ᠬᠤᠰᠢᠭᠤ ᠬᠦᠬᠡ ᠠᠭᠤᠯᠠ ᠬᠥᠬᠡᠮᠳᠦᠭ ᠨᠣᠭᠤᠭᠠᠨ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ ᠭᠡᠳᠡᠭ ᠢ ᠤᠯᠠᠮ ᠨᠢᠭᠡ ᠠᠯᠬᠤᠮ ᠦᠢᠯᠡᠳᠦᠯᠭᠡᠵᠢᠭᠦᠯᠬᠦ ᠬᠦᠴᠦᠲᠡᠢ ᠠᠷᠭ᠎ᠠ ᠬᠡᠮᠵᠢᠶ᠎ᠡ ᠮᠥᠨ᠂ ᠪᠠᠰᠠ ᠴᠤ ᠵᠠᠷᠤᠳ ᠬᠤᠰᠢᠭᠤ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠦᠢᠯᠡᠳᠦᠯᠭᠡ ᠮᠥᠨ᠂ ᠪᠥᠬᠦ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠠᠭᠤᠯᠠ ᠤᠰᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠪᠠ ᠡᠬᠡ ᠤᠯᠤᠰ ᠤᠨ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠢᠨᠵᠧᠨᠧᠷᠢᠩ ᠮᠥᠨ᠃ ᠢᠨᠵᠧᠨᠧᠷᠢᠩ ᠢ ᠬᠡᠷᠡᠭᠵᠢᠭᠦᠯᠦᠭᠰᠡᠨ ᠨᠢ ᠲᠦᠩᠯᠢᠶᠣᠣ ᠬᠤᠲᠠ ᠶᠢᠨ ᠬᠤᠶᠢᠲᠤ ᠬᠡᠰᠡᠭ ᠤᠨ ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠥᠷᠥᠰᠥ ᠰᠢᠷᠣᠢ ᠶᠢᠨ ᠢᠳᠡᠭᠳᠡᠯ ᠢ ᠪᠠᠭᠠᠰᠬᠠᠬᠤ ᠪᠣᠯᠣᠨ᠎ᠠ᠃       
微信图片_20230110100002.jpg
     ᠭᠦᠸᠧ ᠶᠠ ᠹᠧᠩ ᠢᠯᠡᠷᠬᠡᠶᠢᠯᠡᠬᠦ ᠳᠡᠭᠡᠨ᠂ ᠠᠭᠤᠯᠠᠨ ᠦᠶᠡᠷ ᠲᠤ ᠢᠳᠡᠭᠳᠡᠭᠰᠡᠨ ᠭᠤᠤ ᠶᠢ ᠵᠠᠰᠠᠬᠤ ᠢᠨᠵᠧᠨᠧᠷᠢᠩ ᠨᠢ ᠪᠡᠯᠡ ᠣᠷᠣᠭᠤᠯᠤᠯᠲᠠ ᠶᠢᠨ ᠬᠡᠪᠴᠢᠶ᠎ᠡ ᠶᠡᠭᠡ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ᠂ ᠵᠥᠷᠢᠴᠡᠯ ᠬᠦᠴᠢᠷᠳᠡᠯ ᠣᠯᠠᠨ᠂ ᠪᠠᠷᠢᠯᠭ᠎ᠠ ᠶᠢᠨ ᠠᠵᠢᠯ ᠤᠨ ᠬᠦᠴᠢᠷᠳᠡᠯ ᠶᠡᠭᠡ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠣᠨ ᠲᠥᠷᠥᠯ ᠵᠦᠢᠯ ᠲᠠᠢ ᠬᠤᠯᠪᠤᠭᠳᠠᠬᠤ ᠡᠯ᠎ᠡ ᠰᠤᠮᠤ ᠪᠠᠯᠭᠠᠰᠤᠨ ᠤ ᠺᠠᠳ᠋ᠷ ᠠᠵᠢᠯᠲᠠᠳ ᠦᠵᠡᠯ ᠰᠠᠨᠠᠭ᠎ᠠ ᠲᠠᠨᠢᠯᠲᠠ ᠪᠠᠨ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠶᠢ ᠳᠠᠭᠠᠵᠤ᠂ ᠲᠡᠭᠦᠨ ᠳᠤ ᠦᠢᠯᠡᠴᠢᠯᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠨᠢᠮᠪᠠᠢ ᠤᠶᠢᠯᠡᠰᠴᠢ ᠰᠡᠳᠬᠢᠯᠭᠡ ᠪᠠᠷ ᠡᠨᠡ ᠬᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠥᠨᠳᠥᠷ ᠦᠷ᠎ᠡ ᠠᠰᠢᠭ ᠲᠠᠢ᠂ ᠴᠢᠨᠠᠷ ᠰᠠᠶᠢᠲᠠᠢ ᠪᠠᠷ ᠪᠡᠶᠡᠯᠡᠭᠦᠯᠵᠦ᠂ ᠲᠡᠭᠦᠨ ᠢ ᠬᠥᠮᠥᠨ ᠤ ᠰᠡᠳᠬᠢᠯ ᠢ ᠨᠢᠭᠲᠠᠷᠠᠭᠤᠯᠬᠤ ᠠᠷᠠᠳ ᠤᠨ ᠰᠡᠳᠬᠢᠯ ᠤᠨ ᠢᠨᠵᠧᠨᠧᠷᠢᠩ᠂ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠢᠨᠵᠧᠨᠧᠷᠢᠩ᠂ ᠬᠥᠭᠵᠢᠯᠲᠡ ᠶᠢ ᠲᠦᠷᠭᠡᠳᠬᠡᠬᠦ ᠬᠥᠳᠡᠯᠭᠡᠭᠴᠢ ᠬᠦᠴᠦᠨ ᠤ ᠢᠨᠵᠧᠨᠧᠷᠢᠩ ᠪᠣᠯᠭᠠᠬᠤ ᠬᠡᠷᠡᠭᠲᠡᠢ᠃ ᠥᠨᠢ ᠤᠳᠠᠭᠠᠨ ᠤ ᠶᠡᠭᠡ ᠪᠣᠳᠣᠯᠭ᠎ᠠ ᠳᠤ ᠶᠠᠰᠤ ᠴᠢᠨᠠᠷ ᠢ ᠲᠡᠷᠢᠭᠦᠨ ᠳᠤ ᠲᠠᠯᠪᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠭᠠᠵᠠᠷ ᠵᠢᠴᠢ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠵᠢᠷᠤᠵᠤ ᠲᠥᠯᠥᠪᠯᠡᠬᠦ ᠵᠡᠷᠭᠡ ᠨᠢᠭᠡᠴᠡ ᠶᠢᠨ ᠬᠢᠨ ᠠᠷᠠᠳ ᠲᠦᠮᠡᠨ ᠪᠠ ᠲᠡᠤᠭᠡᠨ ᠳᠤ ᠬᠠᠷᠢᠭᠤᠴᠠᠬᠤ ᠵᠣᠷᠢᠭ ᠰᠠᠨᠠᠭ᠎ᠠ  ᠶᠢ ᠪᠠᠷᠢᠮᠲᠠᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠷᠢᠵᠤ᠂ ᠨᠠᠷᠢᠨ ᠨᠢᠮᠪᠠᠢ ᠬᠠᠮᠢᠶᠠᠷᠴᠤ᠂ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠬᠢᠴᠠ ᠪᠠ ᠪᠠᠷᠢᠯᠭ᠎ᠠ ᠶᠢᠨ ᠠᠵᠢᠯ ᠤᠨ  ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠳᠤ ᠴᠥᠬᠦᠷᠡᠰᠢ ᠦᠭᠡᠢ ᠴᠢᠷᠮᠠᠶᠢᠵᠤ ᠵᠢᠳᠭᠦᠨ᠂ ᠲᠡᠭᠦᠨ ᠢ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠤᠬᠢ ᠰᠠᠶᠢᠨ ᠪᠠᠷᠢᠯᠭ᠎ᠠ᠂ ᠶᠠᠰᠤ ᠴᠢᠨᠠᠷ ᠨᠢ ᠨᠠᠶᠢᠳᠠᠪᠤᠷᠢᠲᠠᠢ ᠰᠠᠨᠠᠭ᠎ᠠ ᠠᠮᠤᠷ ᠪᠠᠷᠢᠯᠭ᠎ᠠ᠂ ᠢᠯᠠ ᠲᠣᠳᠣ ᠠᠷᠢᠭᠤᠨ ᠴᠢᠬᠡᠴᠢ ᠪᠠᠷ ᠵᠠᠰᠠᠭ ᠪᠠᠷᠢᠬᠤ ᠢᠨᠵᠧᠨᠧᠷᠢᠩ ᠪᠣᠯᠭᠠᠬᠤ ᠬᠡᠷᠡᠭᠲᠡᠢ ᠭᠡᠪᠡ᠃      
微信图片_20230110095957.jpg
     ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠰᠡᠨ ᠢ ᠵᠠᠷᠯᠠᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠤᠳᠤᠷᠢᠳᠤᠯᠭ᠎ᠠ ᠬᠠᠮᠲᠤ ᠪᠠᠷ ᠲᠥᠷᠥᠯ ᠵᠦᠢᠯ ᠤᠨ ᠠᠵᠢᠯ ᠡᠬᠢᠯᠡᠬᠦ ᠲᠤᠤᠵᠠ ᠬᠠᠶᠢᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号