1 ᠰᠠᠷ᠎ᠠ ᠶᠢᠨ 10 ᠤ ᠡᠳᠦᠷ᠂ ᠯᠦᠪᠧᠢ ᠪᠠᠯᠭᠠᠰᠤ ᠬᠢᠨ ᠬᠤᠰᠢᠭᠤᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠬᠤᠯᠪᠤᠭᠠᠯᠠᠨ ᠠᠵᠢᠯ ᠣᠯᠭᠤᠵᠤ ᠦᠢᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ | ᠠᠵᠢᠯᠲᠠᠳ ᠤᠬᠠᠭᠤᠯᠭ᠎ᠠ ᠶᠢᠨ ᠬᠠᠭᠤᠳᠠᠰᠤ᠂ ᠮᠠᠲ᠋ᠧᠷᠢᠶᠠᠯ ᠭᠠᠷ ᠳᠡᠪᠲᠡᠷ᠂ ᠠᠵᠢᠯ ᠣᠯᠭᠤᠯᠲᠠ ᠶᠢᠨ ᠬᠠᠷᠢᠯᠴᠠᠬᠤ | ᠺᠠᠷᠲ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠠᠳᠠᠯ ᠦᠢᠯᠡᠰ ᠴᠣᠭᠴᠠᠯᠠᠵᠤ | ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠠᠶᠢᠯᠪᠤᠷᠢᠯᠠᠪᠠ᠃ ᠲᠣᠰ ᠤᠳᠠᠭᠠᠨ ᠤ ᠠᠵᠢᠯᠯᠠᠭ᠎ᠠ ᠳᠤ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ | ᠦᠨᠡᠨ ᠬᠦ ᠴᠢᠩᠭᠠᠷᠠᠭᠤᠯᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠳᠡᠮᠵᠢᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | |