1 ᠰᠠᠷ᠎ᠠ ᠶᠢᠨ 10 ᠤ ᠡᠳᠦᠷ᠂ ᠵᠠᠷᠤᠳ ᠬᠤᠰᠢᠭᠤᠨ ᠤ ᠵᠢᠯ ᠤᠨ ᠡᠴᠦᠰ ᠤᠨ ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯ ᠤᠨ ᠲᠠᠪᠤᠳᠤᠭᠠᠷ ᠱᠠᠭᠠᠷᠳᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠠᠶᠠᠷᠲᠤᠬᠤᠰᠢᠭᠤ | ᠪᠠᠯᠭᠠᠰᠤ᠂ ᠤᠯᠠᠭᠠᠨᠬᠠᠳᠠ ᠰᠤᠮᠤ᠂ ᠠᠷᠤ ᠬᠥᠨᠳᠡᠯᠡᠨ ᠪᠠᠯᠭᠠᠰᠤᠨ ᠳᠤ ᠬᠦᠷᠴᠦ ᠠᠶᠤᠯᠭᠦᠢ ᠦᠢᠯᠡᠳᠪᠦᠷᠢᠯᠡᠯ ᠤᠨ | ᠠᠵᠢᠯ ᠢ ᠱᠠᠭᠠᠷᠳᠠᠨ ᠵᠢᠯᠤᠭᠤᠳᠴᠤ ᠪᠠᠶᠢᠴᠠᠭᠠᠪᠠ᠃ | | | | | ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ︽ᠳᠥᠷᠪᠡ ᠶᠢ ᠬᠡᠷᠡᠭᠵᠢᠭᠦᠯᠬᠦ ᠦᠭᠡᠢ ᠬᠤᠶᠠᠷ ᠰᠢᠭᠤᠳ ᠬᠦᠷᠬᠦ︾ | ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ | ᠬᠡᠯᠪᠡᠷᠢ ᠶᠢ ᠠᠪᠴᠤ᠂ ᠤᠷᠢᠳ ᠬᠤᠵᠢᠳ ᠪᠠᠶᠠᠷᠲᠤᠬᠤᠰᠢᠭᠤ ᠪᠠᠯᠭᠠᠰᠤ᠂ ᠤᠯᠠᠭᠠᠨᠬᠠᠳᠠ ᠰᠤᠮᠤ᠂ ᠠᠷᠤ ᠬᠥᠨᠳᠡᠯᠡᠨ | ᠪᠠᠯᠭᠠᠰᠤ ᠵᠡᠷᠭᠡ ᠭᠠᠵᠠᠷ ᠤᠨ ᠲᠣᠰᠣ ᠨᠡᠮᠡᠬᠦ ᠦᠷᠳᠡᠭᠡ᠂ ᠬᠤᠳᠠᠯᠳᠤᠭ᠎ᠠ ᠬᠡᠳᠤ ᠲᠡᠯᠭᠡᠭᠦᠷ᠂ ᠬᠤᠸᠠᠷ ᠫᠤᠤᠵᠢᠩ | ᠪᠣᠷᠣᠯᠠᠭᠤᠯᠬᠤ ᠭᠠᠵᠠᠷ᠂ ᠰᠠᠯᠬᠢᠨ ᠴᠠᠬᠢᠯᠭᠠᠨ ᠤ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶ᠎ᠡ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠵᠢᠴᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠵᠦ ᠪᠠᠶᠢᠭ᠎ᠠ ᠪᠠᠶᠢᠳᠠᠯ ᠢ ᠱᠠᠭᠠᠷᠳᠠᠨ ᠵᠢᠯᠤᠭᠤᠳᠴᠤ ᠪᠠᠶᠢᠴᠠᠭᠠᠪᠠ᠃ | | | | | ᠳ᠋ᠢᠩ ᡁᠢ ᠭᠠᠩ ᠱᠠᠭᠠᠷᠳᠠᠨ ᠪᠠᠶᠢᠴᠠᠭᠠᠬᠤ ᠳᠠᠭᠠᠨ᠂ ᠴᠠᠭᠠᠨ ᠰᠠᠷ᠎ᠠ ᠤᠶᠢᠷᠠᠳᠤᠵᠦ᠂ ᠨᠢᠭᠡᠳᠦᠯᠲᠡᠢ | ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠤ ᠡᠯ᠎ᠡ ᠲᠦᠷᠦᠯ ᠤᠨ ᠠᠵᠢᠯ ᠤᠨ ᠡᠭᠦᠷᠭᠡ ᠨᠡᠯᠢᠶᠡᠳ | ᠬᠦᠨᠳᠦ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠪᠠᠲᠤᠳᠬᠠᠵᠤ᠂ ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ | ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ | ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠶᠤᠯ | ᠲᠦᠭᠰᠢᠭᠦᠷᠢ ᠶᠢᠨ ᠬᠡᠮ ᠰᠣᠭᠤᠭ ᠢ ᠲᠡᠮᠳᠡᠭᠯᠡᠨ ᠲᠠᠩᠰᠠ ᠡᠪᠬᠡᠮᠡᠯ᠂ ᠡᠬᠡ ᠲᠠᠩᠰᠠ ᠪᠠᠶᠢᠭᠤᠯᠵᠤ᠂ ᠪᠠᠶᠢᠴᠠᠭᠠᠬᠤ ᠶᠢᠨ | ᠳᠠᠭᠠᠤ ᠵᠠᠰᠠᠵᠤ᠂ ᠳᠠᠷᠤᠶᠢᠬᠠᠨ ᠪᠠᠶᠢᠴᠠᠭᠠᠵᠤ ᠲᠠᠷᠤᠢ ᠳᠤᠨᠢ ᠵᠠᠰᠠᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ | ᠳᠡᠶᠢᠯᠬᠦ ᠦᠭᠡᠢ ᠶᠢ ᠨᠢ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠴᠠᠭ ᠬᠤᠭᠤᠴᠠᠭ᠎ᠠ ᠵᠠᠩᠭᠢᠯᠠᠭ᠎ᠠ ᠶᠢᠨ | ᠴᠡᠭ ᠲᠠᠢ ᠴᠢᠩᠭ᠎ᠠ ᠬᠠᠷᠢᠴᠠᠭᠤᠯᠤᠨ ᠰᠢᠯᠭᠠᠨ ᠬᠤᠷᠢᠶᠠᠬᠤ ᠶᠢ ᠵᠣᠬᠢᠶᠠᠨ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠵᠢᠯ ᠤᠨ ᠡᠴᠦᠰ ᠤᠨ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠯᠠᠪᠳᠠᠭᠤᠨ ᠪᠠᠲᠤᠲᠠᠢ ᠡᠵᠡᠮᠳᠡᠬᠦ ᠬᠡᠷᠡᠭᠲᠡᠢ ᠭᠡᠪᠡ᠃ | | | |