| 1 ᠰᠠᠷ᠎ᠠ ᠶᠢᠨ 10 ᠤ ᠡᠳᠦᠷ᠂ ᠵᠠᠷᠤᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠢᠰᠲ᠋ᠧᠮ ᠤᠨ ᠬᠢᠨ ᠨᠠᠮ ᠤᠨ ᠭᠡᠰᠢᠭᠦᠨ ᠺᠠᠳ᠋ᠷᠴᠤᠳ ᠲᠤ ᠪᠠᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠡᠯ᠎ᠡ ᠰᠤᠮᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ | ᠬᠤᠷᠢᠶᠠᠨ ᠤ ᠱᠦᠵᠢ᠂ ᠳᠡᠳ᠋ ᠱᠦᠵᠢ ᠪᠠ ᠲᠤᠰᠬᠠᠢ ᠲᠤᠰᠢᠶᠠᠯᠲᠤ ᠭᠡᠰᠢᠭᠦᠨ᠂ ᠡᠯ᠎ᠡ ᠲᠣᠮᠢᠯᠠᠨ ᠰᠠᠭᠤᠯᠭᠠᠭᠰᠠᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠪᠠᠶᠢᠭᠤᠯᠤᠯᠭ᠎ᠠ ᠶᠢᠨ ᠡᠯ᠎ᠡ ᠬᠡᠯᠲᠡᠰ ᠲᠠᠰᠤᠭ ᠲᠥᠪ ᠤᠨ ᠪᠥᠬᠦ ᠺᠠᠳ᠋ᠷ ᠬᠤᠷᠠᠯ ᠳᠤ | ᠣᠷᠣᠯᠴᠠᠪᠠ᠃ | | | ᠯᠢᠦ ᠰᠢ ᠯᠢᠨ ᠵᠢᠭᠠᠪᠣᠷᠢᠯᠠᠭᠰᠠᠨ ᠨᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ | ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠪᠠᠶᠢᠯᠭᠠᠬᠤ ᠶᠢ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ︽ᠲᠤᠯᠤᠭᠠᠨ ᠪᠠᠶᠢᠬᠤ︾ ᠠᠰᠠᠭᠤᠳᠠᠯ ᠢ ᠡᠷᠡᠰ | ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠲᠣᠬᠠᠢ ᠲᠤᠰᠢᠶᠠᠭᠰᠠᠨ ᠲᠠᠪᠤᠨ ᠶᠡᠭᠡ ᠡᠭᠦᠷᠭᠡ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠬᠢᠨᠠᠯᠲᠠ | ᠪᠠᠶᠢᠴᠠᠭᠠᠯᠲᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠥᠭᠡᠨ ᠲᠣᠭᠠᠲᠠᠨ ᠢᠯᠠᠩᠭᠤᠶ᠎ᠠ ︽ | ᠭᠤᠣᠯ ᠬᠠᠷᠢᠭᠤᠴᠠᠯᠭᠠᠲᠠᠨ︾ ᠢ ᠱᠠᠭᠠᠷᠳᠠᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ᠃ | ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠬᠦ᠂ ︽ᠲᠠᠪᠤ ᠶᠢ ᠰᠢᠭᠤᠳ ᠬᠤᠪᠢᠳᠠᠨ | ᠬᠠᠮᠢᠶᠠᠷᠬᠤ ᠦᠭᠡᠢ︾ ᠪᠠ ︽ᠭᠤᠣᠯ ᠬᠠᠷᠢᠭᠤᠴᠠᠯᠭᠠᠲᠠᠨ︾ ᠤ ᠣᠪᠣᠷ ᠢᠶᠠᠨ ᠬᠠᠮᠤᠭ ᠡᠴᠦᠰ ᠲᠤ ᠢᠯᠡᠳᠬᠡᠬᠦ | ᠳᠦᠷᠢᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠳᠤᠷ᠎ᠠ ᠵᠣᠷᠢᠭ ᠢᠶᠠᠷ ᠢᠶᠠᠨ ᠠᠭᠠᠰᠢᠯᠠᠬᠤ᠂ ︽ | ᠨᠤᠲᠤᠭ ᠤᠨ ᠬᠠᠭᠠᠨ︾ ᠪᠣᠯᠬᠤ᠂ ︽ᠡᠵᠡᠷᠬᠡᠭᠴᠢ︾ ᠪᠣᠯᠬᠤ᠂ ︽ᠭᠠᠭᠴᠠᠭᠠᠷ ᠢᠶᠠᠨ ᠲᠣᠯᠣᠭᠠᠢ ᠮᠡᠳᠡᠬᠦ︾ ᠦᠢᠯᠡ | ᠠᠵᠢᠯᠯᠠᠭ᠎ᠠ ᠶᠢ ᠡᠷᠡᠰ ᠵᠠᠯᠬᠠᠭᠠᠨ ᠰᠢᠳᠭᠡᠵᠦ᠂ ᠵᠣᠷᠢᠭᠲᠠᠢ ᠪᠠᠷ ᠵᠥᠷᠢᠴᠡᠯ ᠳᠤ ᠬᠠᠨᠳᠤᠵᠤ᠂ ᠪᠤᠳᠤᠯᠢᠶᠠᠨᠲᠠᠢ | ᠠᠰᠠᠭᠤᠳᠠᠯ ᠢ ᠵᠣᠷᠢᠭᠲᠠᠢ ᠪᠠᠷ ᠰᠢᠢᠳᠪᠦᠷᠢᠯᠡᠬᠦ ᠬᠡᠷᠡᠭᠲᠡᠢ ᠭᠡᠪᠡ᠃ | | | | | ᠯᠢᠦ ᠰᠢ ᠯᠢᠨ ᠱᠠᠭᠠᠷᠳᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠲᠡᠪᠤ ᠶᠢ | ᠦᠨᠳᠦᠰᠦᠨ ᠠᠴᠠ ᠨᠢ ᠡᠬᠢᠯᠡᠭᠦᠯᠬᠦ︾᠂ ︽ᠳᠣᠯᠤᠭ᠎ᠠ ᠶᠢ ᠲᠠᠶᠠᠭᠳᠠᠬᠤ︾ ᠪᠠ ᠪᠥᠬᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ︽ᠠᠷᠪᠠᠨ ᠶᠡᠭᠡ ᠠᠵᠤ ᠦᠢᠯᠡᠰ︾ ᠤᠨ | ᠲᠣᠭᠤᠷᠢᠨ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠠᠰᠠᠭ ᠪᠠ ᠠᠷᠠᠯᠵᠢᠶᠠᠨ ᠤ ᠬᠢᠨ | ᠰᠥᠯᠪᠡᠭᠡᠯᠳᠦᠨ ᠤᠯᠤᠰ ᠲᠥᠷᠥ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ | ᠡᠪᠳᠡᠬᠦ ᠠᠰᠠᠭᠤᠳᠠᠯ ᠢ ᠡᠷᠡᠰ ᠵᠠᠰᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥ ᠶᠢᠨ | ᠪᠣᠳᠣᠯᠭ᠎ᠠ ᠶᠢ ᠲᠣᠭᠲᠠᠭᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠥᠷᠨᠢᠭᠦᠯᠬᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠬᠤ ᠵᠡᠷᠭᠡ ᠲᠠᠯ᠎ᠠ ᠪᠠᠷ ᠪᠥᠬᠦ ᠬᠡᠯᠬᠢᠶ᠎ᠡ ᠪᠠᠷ ᠬᠢᠨᠠᠯᠲᠠ ᠲᠠᠯᠪᠢᠬᠤ ᠶᠢ | ᠬᠡᠷᠡᠭᠵᠢᠭᠦᠯᠵᠦ᠂ ᠵᠠᠰᠠᠭ ᠪᠠ ᠠᠷᠠᠯᠵᠢᠶᠠᠨ ᠤ ᠬᠢᠨ ᠰᠥᠯᠪᠡᠭᠡᠯᠳᠦᠬᠦ᠂ ᠳᠠᠯᠳᠠᠭᠤᠷ ᠦᠶᠯᠡᠳᠬᠦ᠂ ᠡᠷᠬᠡ ᠮᠥᠩᠭᠦᠨ ᠤ | ᠠᠷᠠᠯᠵᠢᠶ᠎ᠠ ᠬᠢᠬᠦ᠂ ᠠᠰᠢᠭ ᠲᠤᠰᠠ ᠬᠦᠷᠭᠡᠬᠦ ᠵᠡᠷᠭᠡ ᠪᠠᠶᠢᠳᠠᠯ ᠢ ᠡᠷᠡᠰ ᠬᠤᠷᠢᠭᠯᠠᠬᠤ ᠬᠡᠷᠡᠭᠲᠡᠢ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠪᠣᠯᠣᠨ ︽ᠲᠦᠷᠪᠡᠨ ᠰᠤᠷᠲᠠᠯ︾ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠵᠦ᠂ ᠪᠣᠳᠠᠲᠠᠢ ᠬᠥᠮᠥᠨ ᠪᠣᠳᠠᠲᠠᠢ ᠶᠠᠪᠤᠳᠠᠯ ᠠᠴᠠ ᠭᠠᠷᠳᠠᠵᠤ᠂ ᠬᠤᠷᠠᠯ ᠤᠯᠠᠨ᠂ ᠠᠵᠢᠯᠯᠠᠭ᠎ᠠ ᠤᠯᠠᠨ᠂ | ᠭᠠᠳᠠᠭᠰᠢ ᠭᠠᠷᠬᠤ ᠨᠢ ᠤᠯᠠᠨ᠂ ᠪᠠᠶᠢᠴᠠᠭᠠᠨ ᠰᠤᠳᠤᠯᠤᠯᠲᠠ ᠬᠢᠬᠦ ᠨᠢ ᠣᠯᠠᠨ ᠮᠡᠳᠡᠭᠦᠯᠦᠯᠲᠡ ᠬᠢᠬᠦ ᠨᠢ ᠴᠥᠭᠡᠨ᠂ | ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ | ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠵᠡᠷᠭᠡ ︽ᠭᠤᠷᠪᠠᠨ ᠤᠯᠠᠨ | ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠠᠷᠢᠬᠢᠨ | ᠰᠢᠷᠡᠭᠡᠨ ᠤ ᠰᠣᠶᠣᠯ᠂ ᠨᠠᠶᠢᠷ ᠤᠨ ᠰᠢᠷᠡᠭᠡ ᠶᠢᠨ ᠰᠣᠶᠣᠯ ᠤᠨ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠳᠥᠷᠪᠡᠨ ᠰᠤᠷᠲᠠᠯ ᠢᠯᠵᠠᠷᠠᠯ ᠨᠢᠭᠡ ᠴᠣᠭᠴᠠᠵᠢᠭᠰᠠᠨ ᠠᠰᠠᠭᠤᠳᠠᠯ ᠢ ᠭᠦᠨ ᠠᠭᠤᠳᠠᠯᠤᠨ ᠨᠠᠷᠢᠨ ᠪᠠᠶᠢᠴᠠᠭᠠᠵᠤ᠂ | ᠳᠦᠷᠪᠡᠨ ᠰᠣᠷᠲᠠᠯ ᠢᠯᠵᠠᠷᠠᠯ ᠢ ᠬᠠᠮᠲᠤ ᠳᠤᠨᠢ ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ | ᠭᠡᠪᠡ᠃ | | | | | ᠯᠢᠦ ᠰᠢ ᠯᠢᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠠᠷᠢᠭᠤᠨ ᠴᠢᠬᠡᠴᠢ ᠶᠢᠨ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠩᠬᠠᠷᠴᠤ᠂ ᠨᠡᠭᠦᠷᠡᠰᠦ᠂ ᠮᠥᠩᠭᠦᠨ ᠭᠦᠢᠯᠭᠡᠭᠡ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠤᠯᠤᠰ ᠲᠦᠷᠦ ᠬᠠᠤᠯᠢ ᠴᠠᠭᠠᠵᠠ ᠵᠡᠷᠭᠡ ᠭᠤᠣᠯᠳᠠᠯᠭ᠎ᠠ ᠲᠠᠢ | ᠬᠦᠷᠢᠶ᠎ᠡ ᠴᠠᠷ᠎ᠠ ᠶᠢᠨ ᠢᠯᠵᠢᠷᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠤᠨ ᠪᠡᠯᠡ | ᠮᠥᠩᠭᠦ ᠶᠢ ᠱᠠᠮᠰᠢᠬᠤ ᠨᠡᠭᠦᠯᠭᠡᠨ ᠬᠡᠷᠡᠭᠯᠡᠭᠰᠡᠨ᠂ ᠬᠠᠤᠯᠢ ᠬᠡᠷᠡᠭᠵᠢᠭᠦᠯᠬᠦ ᠡᠷᠬᠡ ᠪᠠᠨ ᠳᠤᠷ᠎ᠠ ᠪᠠᠷ ᠢᠶᠠᠨ ᠬᠡᠷᠡᠭᠯᠡᠭᠰᠡᠨ᠂ | ᠬᠠᠷ᠎ᠠ ᠪᠦᠯᠦᠭᠲᠡᠨ ᠬᠠᠷᠭᠢᠰ ᠬᠦᠴᠦᠨ ᠤ ︽ᠬᠠᠮᠠᠭᠠᠯᠠᠯᠲᠠ ᠶᠢᠨ ᠰᠢᠬᠦᠷ︾ ᠪᠣᠯᠤᠭᠰᠠᠨ ᠵᠡᠷᠭᠡ ᠬᠡᠷᠡᠭ ᠤᠨ | ᠠᠷᠤ ᠳᠠᠬᠢ ᠺᠠᠳ᠋ᠷ ᠤᠨ ᠣᠯᠠᠨ ᠲᠦᠮᠡᠨ ᠠᠴᠠ ᠬᠦᠨᠳᠡᠶᠢᠷᠡᠭᠰᠡᠨ᠂ ᠬᠦᠢᠲᠡᠨ ᠬᠠᠲᠠᠭᠤ ᠬᠡᠷᠴᠡᠭᠡᠢ ᠲᠦᠯᠬᠢᠬᠦ | ᠰᠤᠷᠲᠠᠯ ᠤᠨ ᠠᠰᠠᠭᠤᠳᠠᠯ ᠪᠣᠯᠣᠨ ᠱᠠᠮᠰᠢᠵᠤ ᠢᠯᠵᠢᠷᠡᠭᠰᠡᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠦᠨᠵᠡᠭᠡᠢ | ᠠᠭᠤᠳᠠᠯᠤᠨ ᠲᠤᠶᠢᠯᠪᠤᠷᠢᠲᠠᠢ ᠪᠠᠶᠢᠴᠠᠭᠠᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ | ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ︽ᠪᠠᠭ᠎ᠠ ᠬᠡᠪᠴᠢᠶ᠎ᠡ ᠶᠢᠨ ᠶᠡᠭᠡ ᠬᠢᠨᠠᠯᠲᠠ ᠲᠠᠯᠪᠢᠬᠤ︾ | ᠠᠵᠢᠯᠯᠠᠭ᠎ᠠ ᠶᠢ ᠥᠷᠨᠢᠭᠦᠯᠵᠦ᠂ ᠪᠠᠭ᠎ᠠ ᠬᠡᠪᠴᠢᠶᠡᠨ ᠤ ᠡᠷᠬᠡ ᠳᠤ ᠬᠢᠨᠠᠯᠲᠠ ᠲᠠᠯᠪᠢᠬᠤ ᠠᠴᠠ ᠭᠠᠷᠳᠠᠵᠤ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠪᠡᠯᠡ ᠮᠥᠩᠭᠦ ᠶᠢᠨ | ᠬᠤᠪᠢᠶᠠᠷᠢᠯᠠᠯᠲᠠ᠂ ᠪᠡᠯᠡ ᠮᠥᠩᠭᠦ ᠴᠤᠭᠯᠠᠭᠤᠯᠬᠤ ᠲᠠᠪᠴᠠᠩ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ | ᠢᠯᠵᠢᠷᠡᠯ ᠤᠨ ᠠᠰᠠᠭᠤᠳᠠᠯ ᠢ ᠬᠦᠴᠦᠯᠡᠨ ᠢᠯᠡᠷᠡᠭᠦᠯᠬᠦ ᠬᠡᠷᠡᠭᠲᠡᠢ︔ ᠰᠤᠷᠭᠠᠨ ᠬᠥᠮᠦᠵᠢᠯ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠨᠡᠶᠢᠭᠡᠮ ᠤᠨ ᠳᠠᠭᠠᠳᠬᠠᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠬᠥᠳᠡᠭᠡ ᠲᠣᠰᠬᠤᠨ ᠤ ︽ᠭᠤᠷᠪᠠᠨ ᠬᠦᠷᠦᠩᠭᠡ︾ ᠶᠢᠨ ᠬᠠᠮᠢᠶᠠᠷᠤᠯᠲᠠ ᠵᠡᠷᠭᠡ ᠤᠯᠠᠨ ᠲᠦᠮᠡᠨ ᠤ ᠳᠡᠷᠭᠡᠳᠡᠬᠢ ︽ | ᠪᠠᠭ᠎ᠠ ᠱᠠᠮᠰᠢᠯ ᠪᠠᠭ᠎ᠠ ᠢᠯᠵᠢᠷᠠᠮᠠᠯ︾ ᠤᠨ ᠠᠰᠠᠭᠤᠳᠠᠯ ᠢ ᠬᠦᠴᠦᠯᠡᠨ ᠢᠯᠡᠷᠡᠭᠦᠯᠵᠦ᠂ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠴᠢᠩᠭᠠᠳᠬᠠᠬᠤ ᠬᠡᠷᠡᠭᠲᠡᠢ᠃ ︽ᠲᠠᠪᠤᠨ ᠭᠤᠷᠪᠠ︾ ᠶᠢᠨ ᠲᠣᠭᠲᠠᠴᠠ ᠪᠠᠷ ᠳᠠᠮᠵᠢᠨ᠂ ᠵᠥᠷᠢᠴᠡᠯ ᠵᠢᠭᠤᠷᠠᠯᠳᠤᠭᠠᠨ ᠢ | ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠰᠠᠭᠤᠳᠠᠯ ᠤᠨ ᠰᠦᠪᠡᠭᠴᠢ ᠶᠢ ︽ ᠬᠠᠳᠠᠭᠠᠯᠠᠮᠵᠢ ᠪᠠᠨ | ᠦᠭᠡᠶᠢᠰᠭᠡᠵᠦ᠂ ᠳᠠᠭᠠᠤ ᠳᠤᠨᠢ ᠨᠡᠮᠡᠭᠳᠡᠯ ᠤᠨ ᠬᠡᠮᠵᠢᠶ᠎ᠡ ᠶᠢ ᠦᠭᠡᠶᠢᠰᠭᠡᠬᠦ︾ ᠪᠠ ᠬᠠᠨᠤᠮᠵᠢ ᠶᠢᠨ ᠬᠡᠮᠵᠢᠶ᠎ᠡ ᠶᠢ ᠶᠡᠭᠡ | ᠬᠡᠮᠵᠢᠶ᠎ᠡ ᠪᠠᠷ ᠳᠡᠭᠡᠭᠰᠢᠯᠡᠭᠦᠯᠬᠦ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠬᠠᠷᠠᠯᠲᠠ ᠶᠢ ᠪᠡᠶᠡᠯᠡᠭᠦᠯᠬᠦ ᠬᠡᠷᠡᠭᠲᠡᠢ | ᠭᠡᠪᠡ᠃ | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠲᠣᠯᠢ ᠪᠣᠯᠭᠠᠬᠤ ᠪᠠ | ᠰᠡᠷᠡᠮᠵᠢᠯᠡᠭᠦᠯᠬᠦ︾ ᠶᠢ ᠬᠠᠮᠲᠤᠪᠠᠷ ᠰᠣᠨᠢᠷᠬᠠᠪᠠ᠃ | | | |