1ᠰᠠᠷ᠎ᠠ ᠶᠢᠨ 10 ᠤ ᠡᠳᠦᠷ᠂ ᠠᠷᠤ ᠬᠥᠨᠳᠡᠯᠡᠨ ᠪᠠᠯᠭᠠᠰᠤ 2022 ᠣᠨ ᠤ ᠭᠠᠴᠠᠭ᠎ᠠ ᠲᠣᠰᠬᠤᠨ ᠤ | ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠥᠷᠨᠢᠭᠦᠯᠪᠡ᠃ ᠬᠢᠨᠠᠨ ᠰᠢᠯᠭᠠᠬᠤ ᠳᠤᠭᠤᠶᠢᠯᠠᠩ ᠬᠢᠨ ︽ᠬᠤᠶᠠᠷ | ᠵᠥᠪᠯᠡᠯ︾ ᠤᠨ ᠪᠠᠭ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠤᠷᠠᠯ ᠳᠤ ᠣᠷᠣᠯᠴᠠᠭᠰᠠᠨ ᠨᠠᠮ ᠤᠨ | ᠭᠡᠰᠢᠭᠦᠨ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠬᠤ᠂ ᠠᠵᠢᠯ ᠤᠨ ᠬᠠᠷᠢᠭᠤ | ᠮᠡᠳᠡᠭᠦᠯᠦᠯᠲᠡ ᠲᠠᠢ ᠤᠶᠠᠯᠳᠤᠭᠤᠯᠬᠤ᠂ ᠠᠵᠢᠯ ᠤᠨ ᠳᠠᠩᠰᠠ ᠡᠪᠬᠡᠮᠡᠯ ᠮᠠᠲ᠋ᠧᠷᠢᠶᠠᠯ ᠢ ᠪᠠᠶᠢᠴᠠᠭᠠᠨ ᠦᠵᠡᠬᠦ᠂ | ᠲᠣᠰᠬᠤᠨ ᠤ ᠠᠯᠪᠠᠯᠠᠬᠤ ᠭᠠᠵᠠᠷ ᠶᠢᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠬᠦ ᠪᠠᠷ ᠲᠠᠮᠵᠢᠨ᠂ ᠬᠢᠨᠠᠨ | ᠰᠢᠯᠭᠠᠵᠤ ᠬᠤᠪᠢ ᠲᠣᠭᠲᠠᠭᠠᠬᠤ ᠨᠠᠷᠢᠨ ᠳᠦᠷᠢᠮ ᠢ ᠴᠢᠩᠭ᠎ᠠ ᠵᠢᠷᠤᠮᠯᠠᠨ ᠡᠯ᠎ᠡ ᠲᠣᠰᠬᠤᠨ ᠤ ᠠᠵᠢᠯ ᠢᠶᠠᠨ | ᠥᠷᠨᠢᠭᠦᠯᠦᠭᠰᠡᠨ ᠪᠠᠶᠢᠳᠠᠯ ᠳᠤ ᠬᠤᠪᠢ ᠦᠭᠪᠡ᠃ ᠲᠣᠰ ᠤᠳᠠᠭᠠᠨ ᠤ ᠬᠢᠨᠠᠨ ᠰᠢᠯᠭᠠᠯᠲᠠ ᠨᠢ ᠡᠯ᠎ᠡ ᠭᠠᠴᠠᠭ᠎ᠠ | ᠲᠣᠰᠬᠤᠨ ᠤ 2022 ᠣᠨ ᠤ ᠠᠵᠢᠯ ᠥᠷᠨᠢᠭᠦᠯᠦᠭᠰᠡᠨ ᠪᠠᠶᠢᠳᠠᠯ ᠤᠨ ᠪᠥᠬᠦ ᠲᠠᠯ᠎ᠠ ᠶᠢᠨ ᠳ᠋ᠦᠩᠨᠡᠯᠲᠡ ᠪᠣᠯᠬᠤ | ᠮᠦᠷᠳᠡᠭᠡᠨ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠪᠠ ᠴᠢᠭᠯᠡᠯ ᠢ ᠲᠣᠳᠣᠷᠬᠠᠢ ᠵᠢᠭᠠᠪᠠ᠃ | | | |