1 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠪᠠᠶᠠᠨᠲᠠᠯ᠎ᠠ ᠰᠤᠮᠤᠨ ᠳᠤ ᠬᠦᠷᠴᠦ ᠬᠠᠮᠲᠤ ᠶᠢᠨ | ᠠᠵᠤ ᠠᠬᠤᠢ ᠶᠢᠨ ᠲᠥᠷᠥᠯ ᠵᠦᠢᠯ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ᠃ | | | | | ᠰᠦᠸᠧ ᠮᠢᠩ ᠢᠦᠢ ᠤᠷᠢᠳ ᠬᠤᠵᠢᠳ ᠹᠧᠩ ᠬᠤᠸᠠᠩ ᠱᠠᠨ ᠲᠣᠰᠬᠤᠨ᠂ ᠴᠢᠩ ᠯᠦᠩ ᠭᠧᠦ ᠲᠣᠰᠬᠤᠨ ᠤ | ᠲᠥᠪ ᠠᠴᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠨ ᠪᠤᠵᠠᠭᠠᠶᠢᠷᠠᠭᠤᠯᠬᠤ ᠲᠦᠷᠦᠯ ᠵᠦᠢᠯ ᠢ | ᠪᠠᠶᠢᠴᠠᠭᠠᠨ ᠦᠵᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ᠂ | ᠣᠷᠣᠯᠭ᠎ᠠ ᠵᠢᠴᠢ ᠬᠤᠷᠰᠢᠶ᠎ᠠ ᠶᠢᠨ ᠠᠵᠢᠯᠯᠠᠭᠠᠨ ᠤ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠭᠰᠠᠨ ᠪᠥᠭᠡᠳ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠡᠳᠬᠢᠴᠡ ᠪᠣᠯᠣᠨ ᠡᠷᠬᠢᠨ ᠲᠣᠭᠤᠷᠢᠨ ᠤ ᠤᠯᠠᠨ ᠲᠦᠮᠡᠨ ᠢ | ᠲᠠᠶᠢᠴᠢᠯᠠᠨ ᠠᠵᠢᠯ ᠣᠯᠭᠤᠵᠤ ᠪᠠᠶᠠᠵᠢᠭᠤᠯᠤᠭᠰᠠᠨ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ | | | | | ᠰᠦᠸᠧ ᠮᠢᠩ ᠢᠦᠢ ᠠᠴᠠ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠭᠠᠴᠠᠭ᠎ᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ | ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠳᠣᠲᠣᠭᠠᠳᠤ ᠶᠢᠨ ᠬᠥᠳᠡᠯᠭᠡᠭᠦ ᠬᠦᠴᠦᠨ ᠪᠣᠯᠣᠨ ︽ᠴᠢᠰᠤ ᠪᠦᠲᠦᠭᠡᠬᠦ︾ ᠴᠢᠳᠠᠪᠬᠢ ᠶᠢ | ᠴᠢᠩᠭᠠᠳᠬᠠᠵᠤ᠂ ᠬᠠᠮᠲᠤ ᠶᠢᠨ ᠪᠣᠳᠠᠲᠤ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠠᠰᠢᠭ ᠣᠷᠣᠯᠭ᠎ᠠ ᠶᠢ | ᠨᠡᠮᠡᠭᠳᠡᠭᠦᠯᠬᠦ ᠪᠠ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠡᠬᠢ ᠪᠠᠶᠠᠯᠢᠭ ᠢ | ᠨᠢᠭᠡᠳᠭᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠵᠤ᠂ ᠨᠠᠮ ᠪᠠ ᠤᠯᠠᠨ ᠲᠦᠮᠡᠨ ᠳᠤ ᠤᠶᠢᠯᠡᠴᠢᠯᠡᠬᠦ | ᠲᠥᠪ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ | ᠤᠬᠠᠮᠰᠠᠷ ᠪᠠ ᠴᠢᠳᠠᠪᠤᠷᠢ ᠲᠠᠢ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂ ᠠᠵᠤ ᠠᠬᠤᠢ ᠶᠢᠨ ᠪᠣᠳᠠᠲᠤ | ᠬᠦᠴᠦᠨ ᠪᠠ ᠬᠥᠭᠵᠢᠯᠲᠡ ᠶᠢᠨ ᠬᠠᠷᠠᠴᠠ ᠲᠠᠢ ᠬᠥᠳᠡᠭᠡ ᠲᠣᠰᠬᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ | ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ | ᠣᠯᠭᠤᠬᠤ ᠬᠡᠷᠡᠭᠲᠡᠢ᠃ ᠭᠠᠴᠠᠭ᠎ᠠ ᠲᠣᠰᠬᠤᠨ ᠤ ᠠᠵᠤ ᠠᠬᠤᠢ ᠶᠢᠨ ᠰᠠᠭᠤᠷᠢ᠂ ᠲᠣᠰ ᠪᠡᠶ᠎ᠡ ᠶᠢᠨ ᠳᠠᠪᠠᠭᠤᠯᠢᠭ ᠪᠠ | ᠣᠷᠣᠨ ᠪᠠᠶᠢᠷᠢ ᠶᠢᠨ ᠨᠥᠬᠦᠴᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠥᠭᠵᠢᠯᠲᠡ ᠶᠢᠨ | ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠭᠠᠴᠠᠭ᠎ᠠ ᠲᠣᠰᠬᠤᠨ ᠤ ᠳᠠᠪᠠᠭᠤᠯᠢᠭ ᠳᠠᠯᠳᠠ ᠬᠦᠴᠦᠨ ᠢ | ᠭᠦᠨ ᠠᠭᠤᠳᠠᠯᠵᠤ᠂ ᠣᠷᠣᠨ ᠪᠦᠰᠡ ᠶᠢᠨ ᠣᠨᠴᠠᠯᠢᠭ ᠢ ᠲᠣᠪᠤᠶᠢᠯᠭᠠᠨ᠂ ᠲᠣᠰᠬᠤᠨ ᠤ ᠱᠠᠲᠤᠨ ᠤ ᠬᠠᠮᠲᠤ ᠶᠢᠨ | ᠠᠵᠤ ᠠᠬᠤᠢ ᠶᠢᠨ ᠣᠯᠠᠨ ᠵᠦᠢᠯ ᠤᠨ ᠬᠥᠭᠵᠢᠯᠲᠡ ᠶᠢᠨ ᠵᠠᠭᠪᠤᠷ ᠪᠠ ᠪᠡᠶᠡᠯᠡᠭᠦᠯᠬᠦ ᠬᠡᠯᠪᠡᠷᠢ ᠶᠢ ᠬᠠᠶᠢᠨ | ᠰᠦᠪᠡᠭᠴᠢᠯᠡᠵᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠰᠠᠶᠢᠨ ᠬᠥᠭᠵᠢᠯᠲᠡ ᠶᠢᠨ ᠬᠠᠨᠳᠤᠰᠢ ᠶᠢ | ᠦᠷᠭᠦᠯᠵᠢᠯᠡᠨ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃ |