ᠵᠠᠷᠤᠳ ᠬᠤᠰᠢᠭᠤ ᠪᠣᠯᠣᠨ ᠱᠠᠨᠳᠦ᠋ᠩ ᠤᠨ ᠦᠷ᠎ᠡ ᠶᠢᠨ ᠦᠢᠯᠡᠰ ᠤᠨ ᠪᠦᠯᠦᠭᠯᠡᠯ ᠲᠠᠢ ᠲᠦᠷᠦᠯ ᠵᠦᠢᠯ ᠤᠨ ᠵᠦᠪᠳᠡᠯᠴᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2023/1/12
      1 ᠰᠠᠷ᠎ᠠ ᠶᠢᠨ 11 ᠤ ᠡᠳᠦᠷ᠂ ᠵᠠᠷᠤᠳ ᠬᠤᠰᠢᠭᠤ ᠪᠣᠯᠣᠨ ᠱᠠᠨᠳᠦ᠋ᠩ ᠤᠨ ᠦᠷ᠎ᠡ ᠶᠢᠨ ᠦᠢᠯᠡᠰ ᠤᠨ ᠪᠦᠯᠦᠭᠯᠡᠯ ᠲᠠᠢ ᠲᠥᠷᠥᠯ ᠵᠦᠢᠯ ᠤᠨ ᠵᠦᠪᠳᠡᠯᠴᠡᠬᠦ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋ ᠪᠠ ᠱᠠᠨᠳᠦ᠋ᠩ ᠤᠨ ᠦᠷ᠎ᠡ ᠶᠢᠨ ᠦᠢᠯᠡᠰ ᠤᠨ ᠪᠦᠯᠦᠭᠯᠡᠯ ᠤᠨ ᠲᠡᠳ᠋ ᠶᠡᠷᠦᠩᠬᠡᠢ ᠲᠠᠭᠠᠭᠠᠮᠠᠯ ᠯᠢᠦ ᠴᠧᠩ ᠵᠡᠷᠭᠡ ᠬᠥᠮᠥᠰ ᠲᠠᠢ ᠵᠠᠷᠤᠳ ᠬᠤᠰᠢᠭᠤᠨ ᠤ ᠦᠷ᠎ᠡ ᠶᠢᠨ ᠦᠢᠯᠡᠰ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ᠂ ᠠᠮᠤ ᠪᠤᠳᠠᠭᠠᠨ ᠤ ᠢᠷᠡᠯᠲᠡ ᠪᠠᠷ ᠰᠠᠭᠤᠷᠢ ᠪᠣᠯᠭᠠᠭᠰᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠳᠦᠷᠦᠯ ᠵᠦᠢᠯ ᠤᠨ ᠲᠠᠯ᠎ᠠ ᠪᠠᠷ ᠵᠥᠪᠳᠡᠯᠴᠡᠨ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ᠂ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭ᠎ᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠥᠮᠥᠰ ᠬᠤᠷᠠᠯ ᠳᠤ ᠤᠷᠤᠯᠴᠠᠪᠠ᠃     
微信图片_20230112102047.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号