ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠰᠢᠶᠠᠩᠱᠠᠨ ᠪᠠᠯᠭᠠᠰᠤᠨ ᠳᠤ ᠬᠦᠷᠴᠦ ᠠᠵᠢᠯ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/1/12
     1 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠰᠢᠶᠠᠩᠱᠠᠨ ᠪᠠᠯᠭᠠᠰᠤᠨ ᠳᠤ ᠬᠦᠷᠴᠦ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠵᠢᠯᠣᠭᠤᠳᠪᠠ᠃
646cd329525e85cd487baf2de4b42e7.jpg
     ᠰᠦᠸᠧ ᠮᠢᠩ ᠢᠦᠢ ᠤᠷᠢᠳ ᠬᠤᠵᠢᠳ ᠰᠢᠶᠠᠩᠱᠠᠨ ᠪᠠᠯᠭᠠᠰᠤᠨ ᠤ ᠵᠦᠩ ᠰᠢᠨ ᠲᠣᠰᠬᠤᠨ᠂ ᠱᠤᠸᠠᠩ ᠯᠦᠩ ᠴᠢᠤᠸᠠᠨ ᠲᠣᠰᠬᠤᠨ᠂ ᠰᠢᠶᠠᠩᠱᠠᠨ ᠲᠣᠰᠬᠤᠨ ᠳᠤ ᠬᠦᠷᠴᠦ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠡᠵᠡᠩᠨᠡᠯᠲᠡ ᠶᠢᠨ ᠴᠢᠭᠯᠡᠯ᠂ ᠦᠷ᠎ᠡ ᠠᠰᠢᠭ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠶᠢᠨ ᠵᠠᠭᠪᠤᠷ ᠵᠡᠷᠭᠡ ᠶᠢ ᠨᠠᠷᠢᠨ ᠠᠰᠠᠭᠤᠨ ᠯᠠᠪᠯᠠᠪᠠ᠃
eb8b1969f95a22ca19b24f093c80968.jpg
     ᠰᠦᠸᠧ ᠮᠢᠩ ᠢᠦᠢ ᠵᠢᠭᠠᠪᠣᠷᠢᠯᠠᠭᠰᠠᠨ ᠨᠢ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠡᠵᠡᠩᠨᠡᠯᠲᠡ ᠶᠢ ᠰᠠᠶᠢᠲᠤᠷ ᠠᠳᠬᠤᠬᠤ ᠪᠣᠯ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ︽ᠲᠦᠷᠭᠡᠨ ᠵᠠᠮ︾ ᠪᠣᠯᠣᠨ᠎ᠠ᠂ ᠢᠲᠡᠭᠡᠯ ᠢᠶᠠᠨ ᠪᠠᠲᠤᠳᠬᠠᠵᠤ᠂ ᠵᠣᠷᠢᠭ ᠢᠶᠠᠨ ᠬᠥᠪᠴᠢᠯᠡᠵᠦ᠂ ᠨᠠᠶᠢᠳᠠᠪᠤᠷᠢᠵᠢᠭᠤᠯᠬᠤ ᠲᠦᠷᠦᠯ ᠵᠦᠢᠯ ᠢ  ᠰᠠᠶᠢᠲᠤᠷ ᠴᠢᠩᠭ᠎ᠠ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃     ᠰᠦᠸᠧ ᠮᠢᠩ ᠢᠦᠢ ᠴᠢᠬᠤᠯᠠᠴᠢᠯᠠᠭᠰᠠᠨ ᠨᠢ᠂ ᠨᠢᠭᠡ ᠳᠤ ᠲᠣᠰᠬᠤᠨ ᠤ ᠺᠠᠳ᠋ᠷᠴᠣᠳ ᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠲᠠᠶᠢᠴᠢᠯᠠᠵᠥ᠂ ᠲᠦᠷᠦᠯ ᠵᠦᠢᠯ ᠤᠨ ︽ᠡᠵᠡᠩᠨᠡᠯᠲᠡ ᠶᠢᠨ ᠪᠣᠭᠤᠮᠲᠠ︾ ᠶᠢ ᠰᠠᠶᠢᠲᠤᠷ ᠡᠵᠡᠮᠳᠡᠵᠦ᠂ ᠰᠡᠳᠬᠢᠴᠡ ᠪᠠᠨ ᠣᠨᠣᠪᠴᠢᠲᠠᠢ ᠣᠯᠵᠤ᠂ ᠭᠤᠣᠯᠳᠠᠯᠭ᠎ᠠ ᠲᠠᠢ ᠬᠠᠮᠢᠶᠠᠷᠤᠯᠲᠠ ᠪᠣᠯᠣᠨ ᠨᠠᠷᠢᠨ ᠵᠦᠢᠯᠡᠰ ᠤᠨ ᠬᠠᠮᠢᠶᠠᠷᠤᠯᠲᠠ ᠪᠠᠨ ᠲᠤᠪᠤᠶᠢᠯᠭᠠᠵᠦ᠂ ᠲᠦᠷᠦᠯ ᠵᠦᠢᠯ ᠤᠨ ᠦᠷ᠎ᠡ ᠠᠰᠢᠭ ᠢ ᠪᠠᠲᠤᠯᠠᠬᠤ ᠬᠡᠷᠡᠭᠲᠡᠢ᠃ ᠬᠤᠶᠠᠷ ᠲᠤ ᠲᠤᠷᠰᠢᠯᠭ᠎ᠠ ᠪᠠᠨ ᠳ᠋ᠦᠩᠨᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠦᠷ᠎ᠡ ᠠᠰᠢᠭ ᠢ ᠨᠥᠯᠥᠭᠡᠯᠡᠬᠦ ᠠᠰᠠᠭᠤᠳᠠᠯ ᠢ ᠲᠣᠳᠣᠷᠬᠠᠶᠢᠯᠠᠬᠤ᠂ ᠠᠰᠠᠭᠤᠳᠠᠯ ᠰᠢᠢᠳᠪᠦᠷᠢᠯᠡᠬᠦ ᠤᠬᠠᠮᠰᠠᠷ ᠢᠶᠠᠨ ᠣᠯᠠᠮ ᠨᠢᠭᠡ ᠠᠯᠬᠤᠮ ᠴᠢᠩᠭᠠᠳᠬᠠᠵᠤ᠂ ᠲᠦᠷᠦᠯ ᠵᠦᠢᠯ ᠢ ᠢᠮᠠᠭᠲᠠ ᠦᠷᠭᠦᠯᠵᠢᠯᠡᠨ ᠡᠷᠡᠭᠦᠯ ᠢᠶᠠᠷ ᠬᠦᠭᠵᠢᠬᠦ ᠵᠠᠮ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠰᠢᠨ᠎ᠡ ᠲᠣᠭᠲᠠᠴᠠ᠂ ᠰᠢᠨ᠎ᠡ ᠵᠠᠮ᠂ ᠰᠢᠨ᠎ᠡ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠶᠢᠨ ᠰᠦᠪᠡᠭᠴᠢᠯᠡᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠪᠠᠶᠢᠭᠤᠯᠬᠤ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠶᠢᠨ ᠬᠦᠳᠡᠯᠭᠡᠬᠦ ᠬᠦᠴᠦᠨ ᠪᠠ ᠥᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号