1 ᠰᠠᠷ᠎ᠠ ᠶᠢᠨ 12 ᠤᠨ ᠡᠳᠦᠷ᠂ ᠵᠢᠷᠤᠭᠡ ᠪᠠᠯᠭᠠᠰᠤ 2022 ᠣᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢᠶᠠᠨ ᠳ᠋ᠦᠩᠨᠡᠵᠦ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠪᠠᠯᠭᠠᠰᠤ ᠪᠠᠷ ᠢᠶᠠᠨ ᠲᠤᠰ | ᠪᠡᠶ᠎ᠡ ᠶᠢᠨ ᠬᠥᠭᠵᠢᠯᠲᠡ ᠪᠠ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠨᠢᠭᠲᠠ ᠤᠶᠠᠯᠳᠤᠭᠤᠯᠤᠨ᠂ ᠡᠯ᠎ᠡ | ᠲᠦᠷᠦᠯ ᠤᠨ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠭᠯᠠᠨ ᠠᠮᠢᠳᠤᠯᠢᠭ ᠬᠡᠷᠡᠭᠯᠡᠵᠦ᠂ ᠤᠯᠠᠨ | ᠲᠦᠮᠡᠨ ᠤ ᠬᠡᠷᠡᠭᠴᠡᠭᠡ ᠳᠤ ᠰᠠᠭᠤᠷᠢᠯᠠᠵᠤ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠲᠦᠮᠡᠨ ᠳᠤ ᠠᠰᠢᠭ | ᠬᠦᠷᠲᠡᠭᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠨᠴᠠᠯᠢᠭ ᠢ ᠢᠯᠡᠷᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠯ᠎ᠠ ᠪᠠᠷ ᠤᠨᠤᠴᠠᠳᠠᠢ ᠬᠦᠴᠦᠯᠡᠵᠦ᠂ ᠪᠦᠬᠦ ᠪᠠᠯᠭᠠᠰᠤ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | |