ᠱᠣᠣ ᠶᠠᠨ ᠵᠢᠶᠦ᠋ᠨ ᠳᠣᠭᠤᠶᠢᠯᠠᠩ ᠳᠠᠭᠠᠭᠤᠯᠤᠨ ᠬᠠᠷᠪᠢᠨ ᠤ ᠴᠠᠬᠢᠯᠭᠠᠨ ᠰᠠᠯᠬᠢᠨ ᠤ ᠡᠨᠧᠷᠭᠢ ᠶᠢᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/1/13
       1 ᠰᠠᠷ᠎ᠠ ᠶᠢᠨ 12 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠤᠨ ᠬᠠᠷᠢᠭᠤᠴᠠᠯᠭᠠᠲᠠᠨ ᠢ ᠳᠠᠭᠠᠭᠤᠯᠤᠨ ᠬᠤᠨᠠᠨ ᠮᠤᠵᠢ ᠶᠢᠨ ᠰᠢᠶᠠᠩᠲ᠋ᠠᠨ ᠬᠤᠲᠠ ᠳᠤ ᠬᠦᠷᠴᠦ᠂ ᠬᠠᠷᠪᠢᠨ ᠤ ᠴᠠᠬᠢᠯᠭᠠᠨ ᠰᠠᠯᠬᠢᠨ ᠤ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠲᠠᠨ ᠸᠧᠨ ᠯᠢ᠂ ᠳᠡᠳ᠋ ᠶᠡᠷᠦᠩᠬᠡᠢ ᠳᠠᠭᠠᠭᠠᠮᠠᠯ ᠼᠤᠤ ᠶᠢᠩ ᠴᠦᠨ ᠵᠢᠴᠢ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠲᠣᠨᠣᠭᠯᠠᠯ ᠤᠨ ᠠᠵᠤ ᠦᠢᠯᠡᠰ ᠤᠨ ᠦᠶᠯᠡᠳᠬᠦ ᠲᠣᠭᠤᠷᠢᠭ ᠤᠨ ᠲᠥᠷᠥᠯ ᠵᠦᠢᠯ ᠤᠨ ᠲᠤᠬᠠᠢ ᠵᠥᠪᠳᠡᠯᠴᠡᠪᠡ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤ ᠶᠢᠨ ᠲᠠᠨᠢᠯᠲᠠ ᠲᠠᠢ ᠪᠣᠯᠤᠭᠰᠠᠨ ᠪᠥᠭᠡᠳ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠣᠭᠤᠯᠪᠠ᠃ ᠠᠵᠤ ᠠᠬᠤᠶᠢᠯᠠᠯ ᠤᠨ ᠲᠠᠯ᠎ᠠ ᠶᠢᠨ ᠬᠢᠨ ᠲᠦᠷᠦᠯ ᠵᠦᠢᠯ ᠤᠨ ᠲᠤᠰᠬᠠᠢ ᠠᠩᠭᠢ ᠪᠠᠶᠢᠭᠤᠯᠵᠤ᠂ ᠲᠦᠷᠦᠯ ᠵᠦᠢᠯ ᠤᠨ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠢ ᠲᠦᠷᠭᠡᠨ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃
8f9e7f72bc862740d322fe9581a2224.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号