ᠵᠠᠷᠤᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠢᠨ ᠭᠡᠷᠴᠢᠯᠠᠭᠤ ᠰᠤᠮᠤᠨ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠬᠤᠸᠠᠷ ᠫᠤᠤᠵᠢᠩ ᠬᠤᠳᠠᠯᠳᠤᠬᠤ ᠴᠡᠭ ᠢ ᠲᠤᠰᠬᠠᠢ ᠰᠢᠪᠠᠳᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/1/13
       1 ᠰᠠᠷ᠎ᠠ ᠶᠢᠨ 11 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠢᠨ ᠭᠡᠷᠴᠢᠯᠠᠭᠤ ᠰᠤᠮᠤᠨ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠬᠤᠸᠠᠷ ᠫᠤᠤᠵᠢᠩ ᠬᠤᠳᠠᠯᠳᠤᠬᠤ ᠴᠡᠭ ᠢ ᠲᠤᠰᠬᠠᠢ ᠰᠢᠪᠠᠳᠠᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠠᠵᠢᠯᠲᠠᠳ ᠬᠠᠷᠢᠶ᠎ᠠ ᠤᠷᠤᠨ ᠳᠠᠬᠢ ᠬᠤᠸᠠᠷ ᠫᠤᠤᠵᠢᠩ ᠪᠣᠷᠣᠯᠠᠭᠤᠯᠬᠤ ᠴᠡᠭ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠪᠠᠷᠠᠭ᠎ᠠ ᠤᠷᠤᠭᠤᠯᠤᠭᠰᠠᠨ ᠵᠠᠮ ᠮᠥᠷ ᠨᠢ ᠵᠢᠩᠬᠢᠨᠢ ᠡᠰᠡᠬᠦ᠂ ᠬᠤᠸᠠᠷ ᠫᠤᠤᠵᠢᠩ ᠢ ᠲᠣᠭᠲᠠᠭᠠᠯ ᠶᠣᠰᠣᠭᠠᠷ ᠬᠠᠳᠠᠭᠠᠯᠠᠵᠤ ᠲᠠᠯᠪᠢᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠱᠠᠭᠠᠷᠳᠠᠯᠭ᠎ᠠ ᠶᠣᠰᠣᠭᠠᠷ ᠪᠦᠷᠢᠨ ᠲᠣᠬᠢᠷᠠᠭᠤᠯᠤᠭᠰᠠᠨ ᠡᠰᠡᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠭᠦᠨ ᠤ ᠬᠠᠮᠲᠤ ᠬᠤᠳᠠᠯᠳᠤᠭᠠᠨ ᠤ ᠡᠷᠦᠬᠡ ᠶᠢᠨ ᠬᠤᠸᠠᠷ ᠫᠤᠤᠵᠢᠩ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠶᠢᠳᠠᠯ ᠳᠣᠣᠷ᠎ᠠ ᠬᠠᠭᠤᠷᠮᠠᠭ ᠮᠠᠭᠤ ᠦᠢᠯᠡᠳᠬᠦᠨ ᠪᠤᠶᠤ ᠠᠮᠤᠷ ᠲᠦᠪᠰᠢᠨ ᠤ ᠪᠠᠷᠢᠮᠵᠢᠶ᠎ᠠ ᠳᠤ ᠥᠯᠥ ᠨᠡᠶᠢᠴᠡᠬᠦ ᠬᠤᠸᠠᠷ ᠫᠤᠤᠵᠢᠩ ᠬᠤᠳᠠᠯᠳᠤᠬᠤ ᠪᠠ ᠪᠣᠷᠣᠯᠠᠭᠤᠯᠬᠤ ᠶᠢ ᠴᠢᠩᠭ᠎ᠠ ᠵᠠᠷᠯᠢᠭᠳᠠᠨ ᠴᠠᠭᠠᠵᠠᠯᠠᠪᠠ᠃      
微信图片_20230113104341.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号