ᠠᠷᠤ ᠬᠥᠨᠳᠡᠯᠡᠨ ᠪᠠᠯᠭᠠᠰᠤ ᠴᠠᠭᠠᠨ ᠰᠠᠷ᠎ᠠ ᠠᠴᠠ ᠡᠮᠦᠨ᠎ᠡ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/16
    ᠣᠶᠢᠷ᠎ᠠ ᠳᠤ᠂ ᠠᠷᠤ ᠬᠥᠨᠳᠡᠯᠡᠨ ᠪᠠᠯᠭᠠᠰᠤᠨ ᠤ ᠴᠠᠭᠠᠨ ᠴᠢᠯᠠᠭᠤᠲᠤ ᠵᠢᠴᠢ ᠰᠠᠷᠠᠭᠤᠯ ᠭᠠᠴᠠᠭᠠᠨ ᠤ ᠡᠮᠡᠭᠲᠡᠶᠢᠴᠦᠳ ᠤᠨ ᠬᠤᠯᠪᠣᠭ᠎ᠠ ᠬᠢᠨ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ᠴᠠᠭᠠᠨ ᠰᠠᠷ᠎ᠠ ᠠᠴᠠ ᠡᠮᠦᠨ᠎ᠡ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠠᠷᠤ ᠬᠥᠨᠳᠡᠯᠡᠨ ᠪᠠᠯᠭᠠᠰᠤᠨ ᠤ《 ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ 》ᠰᠢᠯᠢᠳᠡᠭ ᠰᠤᠷᠲᠠᠯ ᠢ ᠭᠦᠶᠴᠡᠳ ᠢᠯᠡᠷᠡᠭᠦᠯᠵᠦ᠂ ᠴᠠᠭᠠᠨ ᠰᠠᠷ᠎ᠠ ᠶᠢᠨ ᠵᠥᠩᠨᠡᠯ ᠢ《 ᠣᠯᠠᠨ ᠲᠦᠮᠡᠨ ᠲᠠᠢ ᠣᠶᠢᠷᠠᠲᠤᠵᠤ᠂ ᠰᠡᠳᠬᠢᠯ ᠵᠢᠷᠦᠬᠡ ᠪᠠᠨ ᠬᠤᠯᠪᠣᠭᠰᠠᠨ 》 ᠪᠣᠳᠠᠲᠤ ᠠᠵᠢᠯᠯᠠᠭ᠎ᠠ ᠪᠣᠯᠭᠠᠨ ᠬᠦᠴᠢᠷᠳᠡᠯᠲᠡᠶ ᠣᠯᠠᠨ ᠲᠦᠮᠡᠨ ᠤ ᠬᠡᠷ ᠲᠤ ᠨᠢ ᠬᠦᠷᠭᠡᠭᠰᠡᠨ ᠢᠶᠠᠷ ᠪᠠᠷᠠᠬᠤ ᠥᠬᠡᠶ᠂ ᠪᠠᠰᠠ ᠬᠦᠴᠢᠷᠳᠡᠯᠲᠡᠶ ᠣᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ ᠃
46ebba4bdd834a19ae06b798cb6e2eb.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号