| ᠣᠶᠢᠷ᠎ᠠ ᠳᠤ᠂ ᠬᠤᠰᠢᠭᠤᠨ ᠤ ᠬᠡᠷ ᠭᠠᠵᠠᠷ ᠬᠥᠷᠥᠩᠭᠡ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ ᠲᠥᠪ ᠬᠢᠨ | ᠬᠤᠰᠢᠭᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤ ᠶᠢᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ᠂ | ᠯᠦᠩ ᠰᠢᠶᠠᠩ ᠯᠢ ᠱᠦᠶ ᠰᠠᠭᠤᠭᠠᠯᠢ ᠠᠷᠠᠳ ᠤᠨ ᠲᠣᠭᠤᠷᠢᠭ᠂ ᠰᠢᠩ ᠬᠤᠸᠠ ᠨᠡᠶᠢᠲᠡ ᠶᠢᠨ ᠰᠠᠭᠤᠴᠠ᠂ ᠪᠠᠷᠠᠭ᠎ᠠ | ᠬᠤᠳᠠᠯᠳᠤᠨ ᠠᠪᠬᠤ ᠲᠥᠪ ᠵᠡᠷᠭᠡ ᠠᠳᠠᠯ ᠠᠬᠤᠶ ᠶᠢᠨ ᠲᠣᠭᠤᠷᠢᠭ ᠲᠤ ᠬᠦᠷᠴᠦ ᠵᠢᠯ ᠤᠨ ᠡᠴᠦᠰ ᠪᠠ ᠴᠠᠭᠠᠨ | ᠰᠠᠷ᠎ᠠ ᠶᠢᠨ ᠡᠬᠢᠨ ᠤ ᠠᠶᠣᠯᠭᠦᠢ ᠦᠶᠯᠡᠳᠪᠦᠷᠢᠯᠡᠯ ᠤᠨ ᠬᠠᠮᠲᠤᠷᠠᠭᠰᠠᠨ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ | ᠥᠷᠨᠢᠭᠦᠯᠪᠡ ᠃ ᠪᠠᠶᠢᠴᠠᠭᠠᠬᠤ ᠶᠠᠪᠤᠴᠠ ᠳᠤ᠂ ᠠᠵᠢᠯᠲᠠᠳ ᠭᠠᠯ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠬᠤ | ᠨᠡᠪᠲᠡᠷᠡᠬᠦ ᠵᠠᠮ᠂ ᠡᠯᠳᠡᠪ ᠪᠤᠳᠠᠰ ᠣᠪᠣᠭᠠᠯᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ᠂ | ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ ᠴᠠᠬᠢᠯᠭᠠᠨ ᠴᠡᠨᠡᠭᠯᠡᠬᠦ ᠵᠡᠷᠭᠡ ᠠᠶᠤᠯ ᠥᠬᠡᠶ ᠦᠶᠯᠡᠳᠪᠦᠷᠢᠯᠡᠯ ᠤᠨ | ᠰᠡᠷᠭᠡᠶᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠭᠰᠡᠨ ᠪᠥᠭᠡᠳ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠢᠳᠬᠠᠨ ᠬᠤᠷᠢᠭᠯᠠᠵᠤ ᠵᠣᠭᠰᠣᠭᠠᠪᠠ᠃ | |