ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/1/17
      1 ᠰᠠᠷ᠎ᠠ ᠶᠢᠨ 16 ᠤ ᠡᠳᠦᠷ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠪᠣᠳᠠᠲᠠᠢ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠪᠥᠬᠦ ᠬᠦᠴᠦᠨ ᠢᠶᠠᠷ ᠢᠶᠠᠨ ᠲᠤᠤᠱᠯᠠᠭᠤᠯᠤᠨ ᠬᠡᠷᠡᠭᠵᠢᠭᠦᠯᠵᠦ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠷᠳᠠᠮ ᠭᠦᠢᠴᠡᠳᠬᠡᠬᠦ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠨᠡᠪᠲᠡᠷᠡᠭᠦᠯᠬᠦ ᠬᠡᠷᠡᠭᠲᠡᠢ᠃ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠪᠠᠷ ᠭᠤᠣᠯ ᠪᠣᠯᠭᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠡᠭᠦᠳᠬᠦ ᠬᠡᠷᠡᠭᠲᠡᠢ ᠭᠡᠪᠡ᠃     
微信图片_20230117100215.png 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号