1 ᠰᠠᠷ᠎ᠠ ᠶᠢᠨ 16 ᠤ ᠡᠳᠦᠷ᠂ ᠬᠤᠰᠢᠭᠤᠨ ᠤ ᠳᠡᠳ᠋ ᠳᠠᠷᠤᠭ᠎ᠠ ᠼᠦᠢ ᠯᠧᠢ ᠯᠧᠢ ᠠᠷᠤ ᠬᠥᠨᠳᠡᠯᠡᠨ | ᠪᠠᠯᠭᠠᠰᠤᠨ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠮᠠᠯᠴᠢᠨ | ᠲᠠᠷᠢᠶᠠᠴᠢᠳ ᠲᠤ ᠴᠠᠭᠠᠨ ᠰᠠᠷ᠎ᠠ ᠶᠢᠨ ᠢᠷᠦᠭᠡᠯ ᠪᠠ ᠮᠡᠨᠳᠦᠴᠢᠯᠡᠯ ᠬᠦᠷᠭᠡᠪᠡ᠃ ᠲᠣᠬᠤᠨᠢᠭᠤᠯᠬᠤ ᠶᠠᠪᠤᠴᠠ ᠳᠤ᠂ | ᠼᠦᠢ ᠯᠧᠢ ᠯᠧᠢ ᠪᠠᠯᠭᠠᠰᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠡᠷᠦᠬᠡ᠂ ᠠᠬᠠᠮᠠᠳ ᠨᠠᠮ ᠤᠨ | ᠭᠡᠰᠢᠭᠦᠨ᠂ ᠴᠡᠷᠢᠭ ᠠᠴᠠ ᠬᠠᠯᠠᠭᠳᠠᠭᠰᠠᠳ ᠵᠢᠴᠢ ᠬᠦᠴᠢᠷᠳᠡᠯᠲᠡᠢ ᠤᠯᠠᠨ ᠲᠦᠮᠡᠨ ᠤ ᠭᠡᠷ ᠲᠤ ᠬᠦᠷᠴᠦ᠂ ᠲᠡᠳᠡᠨ ᠤ | ᠪᠡᠶ᠎ᠡ ᠮᠠᠬᠠᠪᠤᠳ᠂ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠲᠠᠢ ᠵᠣᠭᠤᠭᠳᠠᠵᠤ᠂ | ᠬᠥᠭᠵᠢᠯᠲᠡ ᠶᠢᠨ ᠲᠤᠬᠠᠢ ᠶᠠᠷᠢᠯᠴᠠᠵᠤ᠂ ᠲᠡᠳᠡᠨ ᠢ ᠪᠡᠶ᠎ᠡ ᠪᠠᠨ ᠬᠢᠴᠢᠶᠡᠵᠦ᠂ ᠪᠠᠶᠠᠷ ᠪᠠᠶᠠᠰᠬᠤᠯᠠᠩ ᠲᠠᠢ ᠪᠠᠶᠢᠵᠤ᠂ | ᠵᠣᠯ ᠵᠢᠷᠭᠠᠯᠲᠤ ᠠᠮᠢᠳᠤᠷᠠᠯ ᠢ ᠡᠳ᠋ᠯᠡᠬᠦ ᠬᠡᠷᠡᠭᠲᠡᠢ ᠭᠡᠵᠦ ᠵᠠᠬᠢᠪᠠ᠃ | | | |