| ᠭᠠᠷ ᠤᠨ ᠦᠰᠦᠭ ᠵᠢᠷᠤᠵᠤ᠂ ᠬᠤᠷᠤᠭᠤᠨ ᠤ ᠣᠷᠣᠮ ᠳᠠᠷᠤᠵᠤ᠂ ᠵᠣᠭᠤᠰ ᠢᠶᠠᠨ ᠠᠪᠤᠯ᠎ᠠ ᠁ ᠣᠶᠢᠷ᠎ᠠ ᠶᠢᠨ | ᠡᠳᠦᠷ᠂ ᠵᠠᠷᠤᠳ ᠬᠤᠰᠢᠭᠤᠨ ᠤ ᠳ᠋ᠡ ᠵᠢᠶᠦ᠋ᠨ ᠠᠮᠤ ᠪᠤᠳᠠᠭ᠎ᠠ ᠲᠠᠷᠢᠬᠤ ᠲᠤᠰᠬᠠᠢ ᠬᠤᠷᠰᠢᠶ᠎ᠠ ᠬᠢᠨ ᠪᠠᠶᠠᠨᠲᠠᠯ᠎ᠠ | ᠰᠤᠮᠤ ᠶᠢᠨ ᠪᠠᠷᠠᠭᠤᠨ ᠪᠠᠶᠠᠨᠲᠠᠯ᠎ᠠ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ | ᠲᠥᠪ ᠲᠤ 2023 ᠣᠨ ᠤ ᠠᠰᠢᠭ ᠬᠤᠪᠢᠶᠠᠬᠤ ᠶᠡᠭᠡ ᠬᠤᠷᠠᠯ ᠬᠢᠪᠡ᠂ 380 ᠭᠠᠷᠤᠢ ᠲᠦᠮᠡᠨ ᠲᠥᠭᠦᠷᠢᠭ ᠤᠨ | ᠪᠡᠯᠡᠨ ᠵᠣᠭᠤᠰ ᠢ ᠰᠢᠷᠡᠭᠡᠨ ᠳᠡᠭᠡᠷ᠎ᠡ ᠲᠠᠯᠪᠢᠵᠤ᠂ ᠲᠣᠰᠬᠤᠨ ᠤ ᠠᠷᠠᠳ ᠤᠬᠠᠮᠰᠠᠷ ᠠᠴᠠ ᠪᠠᠨ ᠮᠥᠷᠯᠡᠵᠦ᠂ | ᠣᠯᠣᠭᠰᠠᠨ ᠮᠥᠩᠭᠦ ᠪᠠᠨ ᠲᠡᠰ ᠳᠠᠷᠠᠭᠠᠯᠠᠨ ᠠᠪᠣᠪᠠ᠃ ᠠᠰᠢᠭ ᠬᠤᠪᠢᠶᠠᠬᠤ ᠠᠬᠤᠢ ᠲᠠᠯᠠᠪᠠᠢ ᠳᠤ ᠬᠦᠮᠦᠨ ᠣᠯᠠᠨ | ᠢᠪᠡᠯᠴᠡᠵᠦ᠂ ᠬᠦᠷ ᠬᠥᠭᠵᠢᠶᠡᠨ ᠢᠶᠠᠷ ᠪᠢᠯᠬᠠᠵᠤ᠂ ᠠᠰᠢᠭ ᠣᠯᠣᠭᠰᠠᠨ ᠲᠣᠰᠬᠤᠨ ᠤ ᠠᠷᠠᠳ ᠤᠳ ᠪᠠᠶᠠᠷ ᠬᠦᠷ ᠢᠶᠠᠷ | ᠪᠢᠯᠬᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠯᠡᠷᠡᠨ᠎ᠡ᠃ | | | ︽ᠡᠨᠡ ᠵᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠤ ᠪᠢ ᠬᠤᠶᠠᠷ ᠲᠦᠮᠡ ᠭᠠᠷᠤᠢ ᠣᠯᠪᠠ᠂ ᠤᠳᠠᠯ | ᠦᠭᠡᠢ ᠰᠢᠨᠡᠯᠡᠬᠦ ᠭᠡᠵᠦ ᠪᠠᠶᠢᠨ᠎ᠠ᠂ ᠪᠢ ᠴᠠᠭᠠᠨ ᠰᠠᠷ᠎ᠠ ᠶᠢᠨ ᠪᠠᠷᠠᠭ᠎ᠠ ᠪᠠᠨ ᠰᠠᠶᠢᠲᠤᠷ ᠪᠡᠯᠡᠳᠬᠡᠵᠦ᠂ ᠪᠠᠶᠠᠷ | ᠬᠥᠷ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠦᠨ᠎ᠡ᠃︾ ᠭᠡᠵᠦ ᠲᠣᠰᠬᠤᠨ ᠤ ᠠᠷᠠᠳ ᠪᠠᠢ ᠰᠢᠸ ᠯᠠᠨ ᠭᠠᠷ ᠲᠠᠭᠠᠨ | ︽ᠲᠣᠮᠣ ᠤᠯᠠᠭᠠᠨ ᠪᠠᠭᠯᠠᠭ᠎ᠠ︾ ᠪᠠᠷᠢᠵᠤ᠂ ᠠᠮᠠ ᠪᠠᠨ ᠬᠠᠮᠬᠢᠬᠤ ᠦᠭᠡᠢ ᠢᠨᠢᠶᠡᠵᠦ᠂ ᠰᠡᠳᠬᠢᠯ ᠪᠠᠶᠠᠷᠲᠠᠢ ᠪᠠᠶᠢᠪᠠ ᠃ | | | | | | ᠪᠠᠢ ᠰᠢᠸ ᠯᠠᠨ ᠤ ᠲᠠᠨᠢᠯᠴᠠᠭᠤᠯᠤᠭᠰᠠᠨ ᠢᠶᠠᠷ᠂ ᠲᠡᠷᠡ ᠬᠥᠭᠰᠢᠨ ᠲᠠᠢ ᠪᠠᠨ ᠨᠠᠰᠤ ᠠᠬᠢᠵᠤ᠂ ᠬᠦᠨᠳᠦ ᠠᠵᠢᠯ | ᠬᠢᠵᠦ ᠳᠡᠶᠢᠯᠬᠦ ᠦᠭᠡᠢ ᠪᠣᠯᠬᠤᠷ ᠬᠤᠷᠢ ᠭᠠᠷᠤᠢ ᠮᠦ ᠲᠠᠷᠢᠶ᠎ᠠ ᠪᠠᠨ ᠬᠤᠷᠰᠢᠶᠠᠨ ᠳᠤ ᠬᠤᠪᠢ ᠣᠷᠣᠭᠤᠯᠪᠠ᠃ ᠵᠢᠯ | ᠪᠦᠷᠢ ᠭᠠᠵᠠᠷ ᠲᠠᠷᠢᠶ᠎ᠠ ᠪᠠᠨ ᠬᠤᠷᠰᠢᠶᠠᠨ ᠳᠤ ᠥᠭᠴᠦ ᠳᠠᠷᠢᠭᠤᠯᠪᠠᠯ ᠥᠪᠡᠷ ᠢᠶᠠᠨ ᠶᠠᠭᠤ ᠴᠤ ᠬᠠᠮᠢᠶᠠᠷᠬᠤ ᠬᠡᠷᠡᠭ | ᠦᠭᠡᠢ᠂ ᠵᠥᠪᠬᠡᠨ ᠵᠢᠯ ᠤᠨ ᠡᠴᠦᠰ ᠲᠤ ᠠᠰᠢᠭ ᠣᠷᠣᠯᠭ᠎ᠠ ᠬᠤᠪᠢᠶᠠᠪᠠᠯ ᠪᠣᠯᠴᠢᠨ᠎ᠠ᠂ ᠡᠨᠡ ᠨᠢ ᠶᠣᠰᠣᠲᠠᠢ ᠯᠠ ︽ | ᠵᠦᠭᠡᠷ ᠰᠠᠭᠤᠵᠤ ᠪᠡᠯᠡᠨ ᠢ ᠡᠳ᠋ᠯᠡᠵᠦ︾ ᠪᠠᠶᠢᠭ᠎ᠠ ᠬᠡᠷᠡᠭ ᠪᠣᠯᠣᠨ᠎ᠠ ᠭᠡᠪᠡ᠃ | ︽ᠬᠤᠷᠰᠢᠶ᠎ᠠ ᠠᠩᠬ᠎ᠠ ᠪᠠᠶᠢᠭᠤᠯᠤᠭᠳᠠᠭᠠᠳ ᠪᠢᠳᠡᠨ ᠢ ᠬᠤᠪᠢ ᠣᠷᠣᠭᠤᠯᠬᠤ ᠪᠠᠷ ᠲᠠᠲᠠᠬᠤ ᠦᠶ᠎ᠡ ᠳᠤ᠂ ᠪᠢᠳᠡ | ᠳᠣᠲᠣᠷ᠎ᠠ ᠪᠠᠨ ᠴᠤ ᠲᠤᠭ᠎ᠠ ᠦᠭᠡᠢ ᠪᠠᠶᠢᠭᠰᠠᠨ᠂ ᠭᠡᠶ᠎ᠡ ᠥᠩᠭᠡᠷᠡᠭᠰᠡᠨ ᠳᠤ ᠡᠶᠢᠮᠦ ᠮᠠᠶᠢᠮᠠᠢ ᠬᠢᠵᠦ ᠥᠩᠭᠡᠷᠡᠭᠰᠡᠨ | ᠦᠭᠡᠢ ᠶᠤᠮ᠃ ᠲᠣᠬᠠᠢ ᠶᠢᠨ ᠦᠶ᠎ᠡ ᠳᠤ ᠭᠠᠴᠠᠭᠠᠨ ᠤ ᠺᠠᠳ᠋ᠷ ᠨᠠᠷ ᠡᠷᠦᠬᠡ ᠳᠠᠷᠠᠭᠠᠯᠠᠨ ᠪᠢᠳᠡᠨ ᠳᠤ ᠤᠬᠠᠭᠤᠯᠭ᠎ᠠ | ᠬᠢᠭᠰᠡᠨ ᠤ ᠠᠴᠢ ᠪᠠᠷ ᠪᠢᠳᠡᠨ ᠤ ᠡᠷᠡᠭᠡᠯᠵᠡᠭᠡ ᠶᠢ ᠠᠯᠳᠠᠷᠠᠭᠠᠭᠰᠠᠨ ᠶᠤᠮ᠃ ᠣᠳᠣ ᠦᠷ᠎ᠡ ᠠᠰᠢᠭ ᠨᠢ ᠡᠶᠢᠮᠦ ᠰᠠᠶᠢᠨ | ᠂ ᠵᠢᠯ ᠵᠢᠯ ᠬᠤᠪᠢᠶᠠᠬᠤ ᠵᠣᠭᠤᠰ ᠲᠠᠢ᠂ ᠬᠤᠪᠢᠶᠠᠬᠤ ᠨᠢ ᠪᠠᠰᠠ ᠤᠯᠠᠮ ᠠᠴᠠ ᠤᠯᠠᠮ ᠠᠷᠪᠢᠨ ᠪᠣᠯᠵᠤ᠂ ᠠᠮᠢᠳᠤᠷᠠᠯ | ᠴᠤ ᠦᠨᠡᠬᠡᠷ ᠶᠠᠪᠤᠬᠤ ᠲᠤᠲᠤᠮ ᠬᠦᠰᠡᠯ ᠡᠷᠡᠮᠡᠯᠵᠡᠯ ᠲᠠᠢ ᠪᠣᠯᠵᠤ ᠪᠠᠶᠢᠨ᠎ᠠ᠃ ᠲᠡᠷᠡ ᠮᠥᠷᠲᠡᠭᠡᠨ ᠤᠯᠠᠨ ᠢᠶᠠᠷ ᠢᠶᠠᠨ | ᠴᠥᠮ ᠬᠤᠷᠰᠢᠶᠠᠨ ᠳᠤ ᠣᠷᠣᠵᠤ᠂ ᠬᠠᠮᠲᠤ ᠪᠠᠷ ᠪᠠᠶᠠᠵᠢᠵᠤ᠂ ᠡᠩ ᠤᠨ ᠦᠶ᠎ᠡ ᠶᠢᠨ ᠬᠢ ᠠᠴᠠ ᠨᠡᠩ ᠢᠯᠡᠭᠦᠦ | ᠪᠦᠯᠬᠦᠮᠳᠡᠨ ᠬᠠᠪᠰᠤᠷᠤᠯᠴᠠᠵᠤ᠂ ᠲᠣᠰᠬᠤᠨ ᠤ ᠬᠡᠪ ᠰᠤᠷᠲᠠᠯ ᠴᠤ ᠨᠡᠩ ᠰᠠᠶᠢᠨ ᠪᠣᠯᠵᠠᠢ︾ ᠭᠡᠵᠦ ᠪᠠᠢ ᠰᠢᠸ ᠯᠠᠨ | ᠰᠡᠳᠬᠢᠯ ᠬᠥᠳᠡᠯᠦᠨ ᠬᠡᠯᠡᠪᠡ᠃ | 2018 ᠣᠨ ᠳᠤ᠂ ᠪᠠᠷᠠᠭᠤᠨ ᠪᠠᠶᠠᠨᠲᠠᠯ᠎ᠠ ᠲᠣᠰᠬᠤᠨ ᠤ ᠨᠠᠮ ᠤᠨ ᠡᠭᠦᠷ ︽ᠨᠠᠮ ᠤᠨ ᠡᠭᠦᠷ + ᠬᠤᠷᠰᠢᠶ᠎ᠠ + | ᠮᠠᠯᠴᠢᠨ ᠲᠠᠷᠢᠶᠠᠴᠢᠨ︾ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ᠳ᠋ᠠ | ᠵᠢᠶᠦ᠋ᠨ ᠠᠮᠤ ᠪᠤᠳᠠᠭ᠎ᠠ ᠲᠠᠷᠢᠬᠤ ᠲᠤᠰᠬᠠᠢ ᠬᠤᠷᠰᠢᠶ᠎ᠠ ᠶᠢ ᠲᠦᠷᠦᠭᠦᠯᠡᠨ ᠡᠷᠬᠢᠯᠡᠵᠦ᠂ ᠤᠷᠢᠳ ᠬᠤᠵᠢᠳ 70 | ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ 303 ᠲᠠᠷᠢᠶᠠᠴᠢᠨ ᠡᠷᠦᠬᠡ 5300 ᠮᠦ ᠲᠠᠷᠢᠶᠠᠨ | ᠭᠠᠵᠠᠷ ᠢᠶᠠᠷ ᠬᠤᠪᠢ ᠣᠷᠣᠵᠤ᠂ ᠲᠥᠪᠯᠡᠷᠡᠭᠦᠯᠦᠨ ᠵᠠᠯᠭᠠᠯᠳᠤᠭᠤᠯᠤᠨ ᠲᠠᠷᠢᠬᠤ᠂ ᠪᠦᠬᠦ ᠶᠠᠪᠤᠴᠠ ᠶᠢ | ᠮᠧᠬᠠᠨᠢᠭᠵᠢᠭᠤᠯᠤᠨ ᠠᠵᠢᠯᠯᠠᠬᠤ ᠬᠤᠷᠰᠢᠨ ᠡᠵᠡᠩᠨᠡᠬᠦ ᠵᠠᠮ ᠢᠶᠠᠷ ᠵᠠᠮᠨᠠᠪᠠ᠃ ᠡᠨᠡ ᠬᠡᠳᠦᠨ ᠵᠢᠯ ᠤᠨ ᠲᠤᠷᠰᠢ᠂ | ᠬᠤᠷᠰᠢᠶ᠎ᠠ ᠬᠢᠨ ᠬᠥᠭᠵᠢᠯᠲᠡ ᠶᠢᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠤ ᠦᠢᠯᠡᠰ ᠤᠨ | ᠬᠡᠯᠬᠢᠶ᠎ᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ᠠᠴᠠ ᠡᠷᠬᠢᠯᠡᠭᠰᠡᠨ ᠠᠵᠤ ᠠᠬᠤᠶᠢᠯᠠᠯ ᠴᠢ ᠨᠦᠩ | ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠵᠤ᠂ ︽ᠦᠷ᠎ᠡ | ᠠᠰᠢᠭ ᠲᠠᠢ ᠪᠣᠯᠭᠠᠬᠤ︾᠂ ︽ ᠶᠢᠨ ᠴᠢ ᠱᠧᠩ ᠨᠦᠩ︾ ᠲᠠᠸᠠᠷ ᠤᠨ ᠲᠡᠮᠳᠡᠭ ᠢ ᠳᠠᠩᠰᠠᠯᠠᠭᠤᠯᠵᠤ᠂ ︽ᠪᠣᠬᠢᠷᠳᠤᠯ | ᠦᠭᠡᠢ ᠪᠦᠲᠦᠭᠡᠭᠳᠡᠬᠦᠨ︾ ᠤ ᠭᠡᠷᠡᠴᠢᠯᠡᠭᠡ ᠶᠢ ᠪᠡᠶᠡᠯᠡᠭᠦᠯᠵᠦ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ | ᠲᠦᠷᠦᠯ ᠲᠡᠮᠳᠡᠭ ᠤᠨ ᠦᠷ᠎ᠡ ᠠᠰᠢᠭ ᠢ ᠳᠡᠭᠡᠭᠰᠢᠯᠡᠭᠦᠯᠬᠦ᠂ ᠤᠯᠠᠨ ᠲᠦᠮᠡᠨ ᠤ ᠠᠰᠢᠭ ᠣᠷᠣᠯᠭ᠎ᠠ ᠶᠢ | ᠳᠡᠭᠡᠭᠰᠢᠯᠡᠭᠦᠯᠬᠦ ᠶᠢ ᠪᠡᠶᠡᠯᠡᠭᠦᠯᠵᠦ᠂ ᠲᠠᠪᠤᠨ ᠵᠢᠯ ᠤᠨ ᠲᠤᠷᠰᠢ ᠤᠯᠠᠨ ᠲᠦᠮᠡᠨ ᠳᠤ ᠨᠡᠶᠢᠲᠡ 1160 ᠲᠦᠮᠡᠨ | ᠲᠥᠭᠦᠷᠢᠭ ᠤᠨ ᠠᠰᠢᠭ ᠣᠷᠣᠯᠭ᠎ᠠ ᠬᠤᠪᠢᠶᠠᠨ ᠥᠭᠴᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ | ᠶᠠᠳᠠᠭᠤ ᠠᠴᠠ ᠠᠩᠭᠢᠵᠢᠷᠠᠨ ᠪᠠᠶᠠᠵᠢᠬᠤ᠂ ᠤᠯᠠᠨ ᠲᠦᠮᠡᠨ ᠤ ᠦᠢᠯᠡᠳᠪᠦᠷᠢᠯᠡᠯ ᠢᠶᠠᠨ ᠨᠡᠮᠡᠭᠳᠡᠭᠦᠯᠦᠨ ᠣᠷᠣᠯᠭ᠎ᠠ ᠪᠠᠨ | ᠨᠡᠮᠡᠭᠳᠡᠭᠦᠯᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠪᠡ᠃ | | | | | ᠬᠤᠷᠰᠢᠶᠠᠨ ᠤ ᠳᠣᠲᠣᠷ᠎ᠠ ᠪᠠᠨ ᠠᠰᠢᠭ ᠣᠷᠣᠯᠭ᠎ᠠ ᠬᠤᠪᠢᠶᠠᠵᠤ᠂ ᠠᠮᠤ ᠪᠤᠳᠠᠭ᠎ᠠ ᠲᠠᠷᠢᠬᠤ ᠳᠤ ᠠᠰᠢᠭ ᠣᠷᠣᠯᠭ᠎ᠠ | ᠲᠠᠢ ᠪᠣᠯᠵᠤ ᠨᠡᠩ ᠴᠤ ᠬᠦᠰᠡᠯ ᠡᠷᠡᠮᠡᠯᠵᠡᠯ ᠲᠠᠢ ᠶᠤᠮ᠃ ᠪᠠᠷᠠᠭᠤᠨ ᠪᠠᠶᠠᠨᠲᠠᠯ᠎ᠠ ᠲᠣᠰᠬᠤᠨ ᠤ ᠨᠠᠮ ᠤᠨ ᠡᠭᠦᠷ ᠤᠨ | ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠾᠧ ᠱᠧᠩ ᠵᠢᠶᠦ᠋ᠨ᠄ ︽ᠮᠠᠨ ᠤ ᠬᠤᠷᠰᠢᠶ᠎ᠠ ᠳᠤ | ᠬᠤᠪᠢ ᠣᠷᠣᠭᠤᠯᠤᠭᠰᠠᠨ ᠠᠷᠠᠳ 303 ᠡᠷᠦᠬᠡ ᠪᠠᠶᠢᠨ᠎ᠠ᠂ ᠡᠨᠡ ᠵᠢᠯ ᠬᠠᠮᠤᠭ ᠤᠨ ᠠᠷᠪᠢᠨ ᠠᠰᠢᠭ ᠣᠯᠣᠭᠰᠠᠨ | ᠡᠷᠦᠬᠡ ᠠᠷᠪᠠᠨ ᠬᠡᠳᠦᠨ ᠲᠦᠮᠡᠨ ᠲᠥᠭᠦᠷᠢᠭ᠂ ᠬᠠᠮᠤᠭ ᠤᠨ ᠪᠠᠭ᠎ᠠ ᠨᠢ ᠴᠤ ᠪᠠᠰᠠ ᠲᠦᠮᠡᠨ ᠲᠥᠭᠦᠷᠢᠭ᠃ | ᠡᠶᠢᠮᠦ ᠠᠴᠠ ᠤᠯᠠᠨ ᠢᠶᠠᠷ ᠢᠶᠠᠨ ᠬᠢᠬᠦ ᠰᠠᠨᠠᠭ᠎ᠠ ᠲᠠᠢ ᠪᠥᠭᠡᠳ ᠳᠤᠷᠠᠲᠠᠢ ᠠᠵᠢᠯᠯᠠᠳᠠᠭ ᠯᠠ ᠶᠤᠮ ᠪᠣᠯ ᠣᠷᠣᠯᠭ᠎ᠠ | ᠲᠠᠰᠤᠷᠠᠯᠳᠠ ᠦᠭᠡᠢ ᠨᠡᠮᠡᠭᠳᠡᠬᠦ ᠪᠠᠷ ᠪᠠᠷᠠᠬᠤ ᠦᠭᠡᠢ ᠣᠷᠣᠯᠭ᠎ᠠ ᠶᠢᠨ ᠢᠩᠭᠢᠵᠦ ᠨᠡᠮᠡᠭᠳᠡᠬᠦ ᠨᠢ ᠤᠷᠳᠤ ᠬᠤᠭᠤᠴᠠᠭ᠎ᠠ | ᠲᠣᠭᠲᠠᠪᠤᠷᠢᠲᠠᠢ ᠶᠤᠮ᠃︾ ᠬᠡᠵᠦ ᠬᠡᠯᠡᠪᠡ᠃ ᠣᠶᠢᠯᠠᠭᠠᠭᠰᠠᠨ ᠢᠶᠠᠷ᠂ 2022 ᠣᠨ ᠳᠤ ᠳ᠋ᠠ ᠵᠢᠶᠦ᠋ᠨ ᠠᠮᠤ | ᠪᠤᠳᠠᠭ᠎ᠠ ᠳᠠᠷᠢᠬᠤ ᠲᠤᠰᠬᠠᠢ ᠬᠤᠷᠰᠢᠶᠠᠨ ᠤ ᠳᠠᠷᠢᠬᠤ ᠲᠠᠯᠠᠪᠠᠶ ᠨᠡᠶᠢᠲᠡ 5300 ᠮᠦ ᠪᠠᠶᠢᠵᠤ᠂ ᠡᠷᠳᠡᠨᠢ ᠰᠢᠰᠢ | ᠶᠢᠨ ᠮᠦ ᠪᠦᠷᠢ ᠶᠢᠨ ᠤᠨᠠᠯᠲᠠ 1500 ᠵᠢᠩ ᠬᠦᠷᠴᠦ᠂ ᠮᠦ ᠪᠦᠷᠢ ᠠᠴᠠ 720 ᠲᠥᠭᠦᠷᠢᠭ ᠤᠨ ᠠᠰᠢᠭ | ᠬᠤᠪᠢᠶᠠᠷᠢᠯᠠᠵᠤ᠂ ᠮᠦ ᠪᠦᠷᠢ ᠨᠢᠳᠤᠨᠤᠨ ᠤ ᠬᠢ ᠠᠴᠠ 40% ᠭᠠᠷᠤᠢ ᠨᠡᠮᠡᠭᠳᠡᠪᠡ᠃ | | ᠠᠵᠤ ᠦᠢᠯᠡᠰ ᠥᠭᠡᠳᠡᠯᠡᠨ ᠬᠥᠭᠵᠢᠪᠡᠯ ᠠᠮᠢᠳᠤᠷᠠᠯ ᠰᠠᠶ᠋ᠢ ᠥᠭᠡᠳᠡᠯᠡᠵᠦ᠂ ᠲᠣᠰᠬᠤᠨ ᠤ ᠠᠷᠠᠳ ᠤᠨ ︽ | ᠵᠣᠭᠤᠰ ᠤᠨ ᠤᠭᠤᠲᠠ︾ ᠳᠥᠭᠦᠷᠡᠵᠦ ᠴᠢᠳᠠᠨ᠎ᠠ᠃ ᠳᠠᠷᠠᠭᠠᠴᠢ ᠶᠢᠨ ᠠᠯᠬᠤᠮ ᠳᠤ᠂ ᠳ᠋ᠠ ᠵᠢᠶᠦ᠋ᠨ ᠠᠮᠤ ᠪᠤᠳᠠᠭᠠᠨ ᠤ | ᠲᠠᠷᠢᠮᠠᠯ ᠤᠨ ᠲᠤᠰᠬᠠᠢ ᠬᠤᠷᠰᠢᠶ᠎ᠠ ᠬᠢᠨ ᠣᠳᠣᠬᠢᠴᠢᠯᠠᠭᠰᠠᠨ ᠲᠠᠷᠢᠶᠠᠯᠠᠩ ᠤᠨ ᠮᠡᠷᠭᠡᠵᠢᠯ ᠢ ᠦᠷᠭᠦᠯᠵᠢᠯᠡᠨ | ᠳᠡᠯᠭᠡᠷᠡᠭᠦᠯᠦᠨ ᠬᠡᠷᠡᠭᠯᠡᠵᠦ᠂ ᠲᠠᠷᠢᠮᠠᠯ ᠤᠨ ᠪᠠᠷᠢᠮᠵᠢᠶᠠᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠦᠬᠦ | ᠬᠦᠴᠦᠨ ᠢᠶᠠᠷ ᠢᠶᠠᠨ ᠠᠵᠤ ᠦᠢᠯᠡᠰ ᠤᠨ ᠲᠦᠷᠦᠯ ᠲᠡᠮᠳᠡᠭ ᠢ ᠡᠭᠦᠳᠴᠦ᠂ ᠪᠦᠲᠦᠭᠡᠭᠳᠡᠬᠦᠨ ᠤ ᠨᠡᠮᠡᠯᠲᠡ ᠦᠷᠳᠡᠭ ᠢ | ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ︽ᠪᠣᠭᠤᠷᠰᠤᠭ︾ ᠢ ᠰᠠᠶᠢᠲᠤᠷ ᠬᠢᠵᠦ᠂ ᠬᠠᠮᠲᠤᠪᠠᠷ | ᠴᠢᠨᠡᠭᠡᠯᠢᠭᠵᠢᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ |