ᠠᠮᠤᠷ ᠲᠦᠪᠰᠢᠨ ᠢᠶᠠᠷ ᠶᠠᠪᠤᠵᠤ ᠰᠠᠭᠤᠬᠤ᠂ ᠬᠠᠯᠠᠭᠤᠨ ᠳᠤᠯᠠᠭᠠᠨ ᠢᠶᠠᠷ ᠬᠠᠮᠲᠤ ᠪᠠᠷ ᠶᠠᠪᠤᠬᠤ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 16 ᠤ ᠡᠳᠦᠷ᠂ | ᠬᠤᠩᠬᠠᠳᠤ ᠠᠭᠤᠯᠠ ᠪᠠᠯᠭᠠᠰᠤᠨ ᠤ ︽ᠨᠣᠭᠤᠭᠠᠨ ᠬᠤᠶᠠᠭᠳᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ | ᠬᠢᠨ ᠵᠠᠷᠤᠳ ᠭᠠᠯᠲᠤ ᠲᠡᠷᠭᠡᠨ ᠥᠷᠲᠡᠭᠡᠨ ᠳᠤ ᠬᠦᠷᠴᠤ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ᠂ | ᠪᠣᠯᠪᠠᠰᠤᠨ ᠴᠠᠭᠠᠨ ᠰᠠᠷ᠎ᠠ ᠶᠢᠨ ᠵᠥᠭᠡᠭᠡᠪᠦᠷᠢ᠂ ᠪᠢᠳᠡ ᠪᠦᠬᠦᠳᠡᠭᠡᠷ ᠢᠶᠠᠷ ᠢᠶᠠᠨ ᠤᠷᠤᠯᠴᠠᠶ᠎ᠠ︾ ᠭᠡᠬᠦ ᠭᠤᠣᠯ | ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ | ᠳᠤᠷ᠎ᠠ ᠶᠢᠨ ᠠᠵᠢᠯᠯᠠᠭᠴᠢᠳ ᠠᠵᠢᠯ ᠤᠨ ᠬᠤᠪᠢᠶᠠᠷᠢᠯᠠᠯ ᠲᠣᠳᠣᠷᠬᠠᠢ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠠᠳᠠᠯᠢ ᠪᠤᠰᠤ ᠠᠶᠠᠨᠴᠢᠳ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠠᠰᠠᠭᠤᠨ ᠯᠠᠪᠯᠠᠬᠤ | ᠵᠢᠯᠣᠭᠤᠳᠤᠯᠭ᠎ᠠ ᠬᠠᠩᠭᠠᠵᠤ᠂ ᠡᠮᠬᠢ ᠵᠢᠷᠤᠮ ᠢ ᠬᠠᠮᠠᠭᠠᠯᠠᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠳᠤ | ᠬᠠᠮᠵᠢᠯᠴᠠᠬᠤ᠂ ᠣᠷᠣ ᠳᠡᠪᠢᠰᠬᠡᠷ ᠢ ᠨᠢ ᠬᠠᠪᠰᠤᠷᠤᠨ ᠭᠠᠷᠭᠠᠵᠤ ᠥᠭᠬᠦ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠪᠡ᠃ | | | |