ᠵᠠᠷᠤᠳ ᠬᠤᠰᠢᠭᠤ ᠪᠣᠯᠣᠨ ᠳ᠋ᠦᠩ ᠬᠤᠸᠠ ᠰᠢᠨᠵᠢᠯᠡᠭᠡ ᠮᠡᠷᠭᠡᠵᠢᠯ ᠤᠨ ᠺᠣᠮᠫᠠᠨᠢ ᠬᠢᠨ ᠺᠠᠩ ᠨᠠᠢ ᠡᠯ ᠤᠨ ᠲᠦᠷᠦᠯ ᠵᠦᠢᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/1/18
     1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠵᠠᠷᠤᠳ ᠬᠤᠰᠢᠭᠤ ᠬᠢᠭᠡᠳ ᠳ᠋ᠦᠩ ᠬᠤᠸᠠ ᠰᠢᠨᠵᠢᠯᠡᠭᠡ ᠮᠡᠷᠭᠡᠵᠢᠯ ᠤᠨ ᠺᠣᠮᠫᠠᠨᠢ ᠬᠢᠨ ᠺᠠᠩ ᠨᠠᠢ ᠡᠯ ᠤᠨ ᠲᠥᠷᠥᠯ ᠵᠦᠢᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ᠂ ᠳ᠋ᠦᠩ ᠬᠤᠸᠠ ᠺᠣᠮᠫᠠᠨᠢ ᠶᠢᠨ ᠶᠡᠷᠦᠩᠬᠡᠢ ᠢᠨᠵᠧᠨᠧᠷ ᠦ᠋ ᠶᠤᠸᠠᠢ ᠹᠧᠩ᠂ ᠺᠠᠩ ᠨᠠᠢ ᠡᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠮᠠ ᠾᠧᠩ ᠫᠢᠩ ᠬᠤᠷᠠᠯ ᠳᠤ ᠤᠷᠤᠯᠴᠠᠪᠠ᠃ ᠯᠦᠪᠸᠢ ᠠᠵᠤ ᠦᠢᠯᠡᠰ ᠤᠨ  ᠲᠤᠭᠤᠷᠢᠭ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠢᠯᠴᠢ ᠬᠠᠩᠭᠠᠬᠤ ᠺᠣᠮᠫᠠᠨᠢ᠂ ᠪᠣᠬᠢᠷ ᠤᠰᠤ ᠶᠢ ᠰᠢᠢᠳᠪᠤᠷᠢᠯᠡᠬᠦ ᠥᠷᠲᠡᠭᠡ ᠵᠢᠴᠢ ᠠᠵᠤ ᠦᠢᠯᠡᠰ ᠤᠨ ᠲᠤᠭᠤᠷᠢᠭ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠺᠠᠩ ᠨᠠᠢ ᠡᠯ ᠤᠨ ᠲᠦᠷᠦᠯ ᠵᠦᠢᠯ ᠤᠨ ᠦᠢᠯᠡᠳᠪᠦᠷᠢᠯᠡᠭᠰᠡᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠤᠰᠤᠲᠥ᠋ᠷᠥᠭᠴᠢ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠦᠨᠡᠰᠦ ᠰᠢᠭᠠᠷᠤ᠂ ᠬᠦᠬᠦᠷ ᠦᠭᠡᠶᠢᠳᠡᠭᠦᠯᠦᠭᠰᠡᠨ ᠵᠤᠭᠠᠩ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠢᠯᠴᠢ ᠬᠠᠩᠭᠠᠬᠤ ᠵᠡᠷᠭᠡ ᠪᠠᠶᠢᠳᠠᠯ ᠤᠨ ᠲᠤᠬᠠᠢ ᠵᠥᠪᠳᠡᠯᠴᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号