ᠵᠠᠷᠤᠳ ᠬᠤᠰᠢᠭᠤ ︽ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ︾ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/1/18
      1 ᠰᠠᠷ᠎ᠠ ᠶᠢᠨ 17 ᠤ ᠡᠳᠦᠷ᠂ ᠵᠠᠷᠤᠳ ᠬᠤᠰᠢᠭᠤᠨ ᠤ ᠬᠢᠨ ︽ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ︾ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ ᠬᠤᠷᠠᠯ  ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ  ᠴᠠᠪ ᠤᠨ ᠲᠠᠯ᠎ᠠ ᠰᠣᠭᠤᠲᠤ ᠬᠤᠷᠳᠣᠨ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠭᠠᠵᠠᠷ ᠰᠢᠷᠤᠢ ᠣᠶ ᠰᠢᠭᠤᠢ ᠬᠠᠶᠢᠨ ᠪᠠᠶᠢᠴᠠᠭᠠᠬᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
  63dd03b947dd72584b64a935260f68b.jpg 
    ᠯᠢᠦ ᠶᠣᠣ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠪᠠᠷᠢᠮᠲᠠᠯᠠᠨ ᠭᠤᠶᠢᠪᠢᠰᠢ ᠣᠶᠢᠭᠡᠢ ᠠᠬᠢᠭᠤᠯᠵᠤ᠂ ︽ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ︾ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠩᠯᠢᠶᠣᠣ ᠬᠤᠲᠠ ᠶᠢᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠲᠣᠣᠷ ᠤᠨ  ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠵᠠᠮ ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠬᠤ᠂ ᠪᠦᠭᠦ ᠬᠤᠰᠢᠭᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠢᠴᠢ ᠠᠵᠤ ᠠᠬᠤᠢ ᠨᠡᠶᠢᠭᠡᠮ ᠤᠨ ᠵᠣᠬᠢᠴᠠᠩᠭᠤᠢ ᠬᠦᠢᠭᠵᠢᠯᠲᠠ ᠶᠢ ᠳᠠᠶᠢᠴᠢᠯᠠᠬᠤ ᠵᠡᠷᠭᠡ ᠲᠠᠯ᠎ᠠ ᠪᠠᠷ ᠬᠢ ᠴᠢᠬᠤᠯᠠ ᠠᠴᠢ ᠬᠤᠯᠪᠣᠭᠳᠠᠯ ᠢ ᠬᠦᠢᠢᠴᠠᠣᠠ ᠲᠠᠨᠢᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽  ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠪᠣᠯᠭᠠᠵᠤ᠂ ᠡᠯ᠎ᠡ ᠵᠦᠢᠯ ᠤᠨ ᠠᠬᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠡᠷᠡᠰ ᠵᠣᠷᠢᠭ ᠭᠤᠶᠢᠪᠠᠯᠵᠠᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠬᠤᠷᠳᠤᠴᠠ ᠪᠠᠨ ᠤᠳᠠᠭᠠᠰᠢᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ︽ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ︾ ᠲᠥᠷᠥᠯ ᠵᠦᠢᠯ ᠢ ᠬᠤᠶᠠᠷ ᠵᠢᠯ ᠤᠨ ᠳᠣᠲᠣᠷ᠎ᠠ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ ᠭᠡᠪᠡ᠃
08f6b846a7c942be96f48c93e19ca6b.jpg
     ᠯᠢᠦ ᠶᠣᠤ ᠵᠢᠭᠠᠪᠣᠷᠢᠯᠠᠭᠰᠠᠨ ᠨᠢ᠂ ︽ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ︾ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠨᠢᠭᠡ ᠵᠦᠢᠯ ᠤᠨ ᠰᠢᠰᠲ᠋ᠧᠮᠲᠦ ᠨᠡᠶᠢᠭᠡᠮ ᠤᠨ ᠢᠨᠵᠧᠨᠧᠷᠢᠩ ᠪᠣᠯᠣᠨ᠎ᠠ᠂ ᠤᠯᠠᠨ ᠰᠠᠯᠠᠭ᠎ᠠ ᠮᠥᠴᠢᠷ ᠲᠠᠢ ᠬᠤᠯᠪᠣᠭᠳᠠᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂  ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠶᠡᠭᠡ ᠲᠠᠯ᠎ᠠ ᠶᠢᠨ ᠤᠬᠠᠮᠰᠠᠷ᠂ ᠰᠢᠰᠲ᠋ᠧᠮᠲᠦ ᠦᠵᠡᠯᠲᠡ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠭᠠᠵᠠᠷ ᠰᠢᠷᠣᠢ ᠲᠠᠲᠠᠪᠤᠷᠢᠯᠠᠬᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠲᠤᠰ ᠬᠠᠷᠢᠶ᠎ᠠ ᠣᠷᠣᠨ ᠤ ᠪᠠᠨ ᠲᠠᠲᠠᠪᠤᠷᠢᠯᠠᠨ ᠡᠵᠡᠯᠡᠬᠦ ᠳᠤ ᠬᠤᠯᠪᠣᠭᠳᠠᠬᠤ ᠭᠠᠵᠠᠷ ᠰᠢᠷᠣᠢ ᠶᠢᠨ ᠬᠡᠪᠴᠢᠶ᠎ᠡ ᠶᠢ ᠦᠨᠡᠨ ᠬᠦ ᠰᠠᠶᠢᠲᠤᠷ ᠪᠦᠷᠢᠳᠬᠡᠵᠦ᠂ ᠲᠠᠲᠠᠪᠤᠷᠢᠯᠠᠨ ᠡᠵᠡᠯᠡᠬᠦ ᠳᠤ ᠬᠤᠯᠪᠣᠭᠳᠠᠬᠤ ᠭᠠᠵᠠᠷ ᠰᠢᠷᠣᠢ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠬᠡᠷᠡᠭᠲᠡᠢ ᠭᠡᠪᠡ᠃
d0b00958fca3d401ee58279b347bca8.jpg
    ᠯᠢᠦ ᠶᠣᠤ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠲᠦᠷᠦᠯ ᠵᠦᠢᠯ ᠤᠨ ᠰᠠᠶᠢᠨ ᠰᠠᠶᠢᠬᠠᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠵᠣᠬᠢᠶᠠᠨ ᠪᠠᠶᠢᠭᠤᠯᠵᠤ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠵᠤ ᠠᠬᠢᠭᠤᠯᠬᠤ ᠶᠠᠪᠤᠴᠠ ᠳᠤ ᠬᠤᠯᠪᠣᠭᠳᠠᠭᠰᠠᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠡᠨᠧᠷᠭᠢ ᠵᠡᠷᠭᠡ ᠲᠠᠯ᠎ᠠ ᠪᠠᠷ ᠲᠤᠯᠭᠠᠷᠠᠭᠰᠠᠨ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠬᠢᠨ ᠨᠡᠪᠲᠡᠷᠡᠯᠴᠡᠭᠡ ᠪᠠ ᠰᠣᠯᠢᠯᠴᠠᠭ᠎ᠠ ᠪᠠᠨ ᠴᠢᠩᠭᠠᠳᠬᠠᠨ᠂ ᠡᠬᠢ ᠪᠠᠶᠠᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠤᠯᠠᠨ ᠤ ᠰᠠᠨᠠᠯ ᠲᠦᠮᠡᠨ ᠤ ᠤᠬᠠᠭᠠᠨ ᠢ ᠲᠥᠪᠯᠡᠷᠡᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠲᠤᠬᠠᠢ ᠲᠤᠨᠢ ᠶᠠᠰᠤ ᠴᠢᠨᠠᠷ ᠲᠤᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠠᠴᠠ ᠲᠥᠷᠥᠯ ᠵᠦᠢᠯ ᠤᠨ ᠲᠣᠶᠢᠮᠣ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠬᠤᠯᠪᠣᠭᠳᠠᠯ ᠪᠦᠬᠦᠢ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠬᠢᠨ ᠦᠪᠡᠷ ᠦᠪᠡᠷ ᠤᠨ ᠠᠵᠢᠯ ᠤᠨ ᠲᠣᠬᠠᠢ ᠶᠠᠷᠢᠶ᠎ᠠ ᠲᠠᠯᠪᠢᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号