ᠯᠢᠦ ᠶᠣᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/1/18
      1 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ᠯᠦᠪᠧᠢ ᠪᠠᠯᠭᠠᠰᠤᠨ ᠤ ᠤᠰᠤ ᠬᠠᠩᠭᠠᠬᠤ ᠺᠣᠮᠫᠠᠨᠢ᠂ ᠪᠣᠬᠢᠷ ᠤᠰᠤ ᠰᠢᠢᠳᠪᠦᠷᠢᠯᠡᠬᠦ ᠥᠷᠲᠡᠭᠡ᠂ ᠵᠢᠶᠠ ᠨᠧᠩ ᠢᠯᠴᠢ ᠬᠠᠩᠭᠠᠬᠤ ᠺᠣᠮᠫᠠᠨᠢ᠂ ᠵᠥᠩ ᠬᠠᠢ ᠪᠥᠸᠧ ᠲᠦᠩ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠠᠵᠤ ᠠᠬᠤᠶᠢᠯᠠᠯ ᠳᠤ ᠬᠦᠷᠴᠦ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠴᠢ ᠬᠠᠩᠭᠠᠬᠤ᠂ ᠤᠰᠤ ᠬᠠᠩᠭᠠᠬᠤ᠂ ᠰᠢᠲᠠᠮᠠᠬᠠᠢ ᠬᠡᠢ ᠶᠢᠨ ᠠᠵᠢᠯᠯᠠᠭᠠᠨ ᠤ ᠪᠠᠲᠤᠯᠠᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃ ᠬᠤᠰᠢᠭᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠯᠲᠠ ᠬᠢᠬᠦ ᠳᠤ ᠣᠷᠣᠯᠴᠠᠪᠠ᠃
    fc6485cf45952921c958eae6ed4c0d0.jpg
    ᠯᠢᠦ ᠶᠣᠤ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠡᠯ᠎ᠡ ᠦᠢᠯᠡᠳᠪᠦᠷᠢᠯᠡᠯ ᠤᠨ ᠲᠠᠰᠤᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠡᠯ᠎ᠡ ᠦᠢᠯᠡᠳᠪᠦᠷᠢ ᠶᠢᠨ ᠲᠠᠰᠤᠭ ᠤᠨ ᠲᠥᠬᠦᠭᠡᠷᠦᠮᠵᠢ ᠶᠢᠨ ᠠᠵᠢᠯᠯᠠᠭ᠎ᠠ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ ᠭᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠲᠣᠬᠠᠢ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠵᠠᠯᠠᠷᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠮᠥᠰ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠯᠢᠦ ᠶᠣᠤ ᠴᠢᠬᠤᠯᠠᠴᠢᠯᠠᠭᠰᠠᠨ ᠨᠢ᠂ ᠢᠯᠴᠢ ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ ᠶᠢ ᠪᠠᠲᠤᠯᠠᠬᠤ ᠠᠵᠢᠯ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠠᠷᠠᠳ ᠤᠯᠠᠨ ᠤ  ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢᠶᠠᠨ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠲᠦᠷᠭᠡᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠣᠳᠣᠷᠢᠳᠣᠯᠭ᠎ᠠ ᠵᠢᠵᠢᠭᠦᠷ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠤᠰᠤ ᠬᠠᠩᠭᠠᠬᠤ᠂ ᠢᠯᠴᠢ ᠬᠠᠩᠭᠠᠬᠤ᠂ ᠤᠰᠤ ᠲᠠᠲᠠᠷᠠᠭᠤᠯᠬᠤ᠂ ᠰᠢᠲᠠᠮᠠᠬᠠᠢ ᠬᠡᠢ ᠬᠠᠩᠭᠠᠬᠤ ᠬᠡᠷᠡᠭᠴᠡᠭᠡ ᠶᠢ ᠭᠦᠢᠴᠡᠳ ᠪᠠᠲᠤᠯᠠᠵᠤ᠂ ᠡᠯ᠎ᠡ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠵᠤ᠂ ᠣᠯᠠᠨ ᠲᠦᠮᠡᠨ ᠢ ᠳᠤᠯᠠᠭᠠᠨ ᠪᠦᠯᠢᠶᠡᠨ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号