ᠯᠦᠪᠧᠢ ᠪᠠᠯᠭᠠᠰᠤ᠄ ᠳᠣᠯᠠᠭᠠᠨ ᠬᠦᠯᠡᠮᠵᠢ ᠳᠤ ᠭᠤᠸᠠ ᠵᠢᠮᠢᠰ ᠢᠳᠡᠰᠢᠨ ᠨᠤᠭᠤᠭ᠎ᠠ ᠲᠠᠷᠢᠵᠤ ᠪᠠᠶᠠᠵᠢᠯ ᠤᠨ ᠵᠠᠮ ᠢᠶᠠᠨ ᠡᠯᠭᠦᠯ᠎ᠡ
ᠨᠡᠶᠢᠲᠡᠯᠡᠭᠰᠡᠨ ᠴᠠᠭ᠄
2023/1/19
        ᠴᠠᠭᠠᠨ ᠰᠠᠷ᠎ᠠ ᠣᠶᠢᠷᠠᠳᠴᠤ ᠢᠷᠡᠬᠦ ᠳᠤ᠂ ᠨᠡᠷᠡᠨ ᠤ ᠬᠡᠷᠡᠯ ᠤᠨ ᠳᠣᠯᠠᠭᠠᠨ ᠬᠦᠯᠡᠮᠵᠢ ᠶᠢᠨ ᠤᠯᠠᠷᠢᠯ ᠤᠨ ᠪᠣᠰᠤ ᠨᠣᠭᠤᠭ᠎ᠠ ᠵᠠᠬ᠎ᠠ ᠳᠡᠯᠭᠡᠭᠦᠷ ᠲᠤ ᠶᠡᠭᠡ ᠬᠡᠮᠵᠢᠶ᠎ᠡ ᠪᠠᠷ ᠭᠠᠷᠬᠤ ᠴᠠᠭ ᠪᠣᠯᠣᠯ᠎ᠠ᠃ ᠵᠠᠷᠤᠳ ᠬᠤᠰᠢᠭᠤᠨ ᠤ ᠯᠦᠪᠧᠢ ᠪᠠᠯᠭᠠᠰᠤᠨ ᠤ ᠬᠠᠷ᠎ᠠ ᠪᠤᠯᠠᠭ ᠲᠣᠰᠬᠤᠨ ᠤ ᠠᠷᠠᠳ ᠹᠦ᠋ ᠵᠧᠨ ᠮᠢᠩ ᠤᠨ ᠢᠳᠡᠰᠢᠨ ᠨᠣᠭᠤᠭᠠᠨ ᠤ ᠳᠣᠯᠠᠭᠠᠨ ᠬᠦᠯᠡᠮᠵᠢ ᠳᠤ ᠬᠦᠷᠬᠦ ᠳᠤ᠂ ᠠᠩᠬᠢᠯᠤᠮ᠎ᠠ ᠰᠠᠶᠢᠬᠠᠨ ᠦᠨᠦᠷᠲᠦ ᠨᠣᠭᠤᠭ᠎ᠠ ᠶᠢᠨ ᠦᠨᠦᠷ ᠬᠠᠩᠬᠤᠯᠵᠤ᠂ ᠬᠦᠯᠡᠮᠵᠢ ᠶᠢ  ᠨᠢ ᠴᠡᠯ ᠬᠥᠬᠡ ᠪᠠᠶᠢᠪᠠ᠂ ᠹᠦ᠋ ᠵᠧᠨ ᠮᠢᠩ ᠡᠷ᠎ᠡ ᠡᠮ᠎ᠡ ᠬᠤᠶᠠᠭᠤᠯᠠ ᠶᠠᠭ ᠰᠠᠶᠢᠬᠠᠨ ᠦᠨᠦᠷᠲᠦ ᠨᠤᠭᠤᠭ᠎ᠠ ᠪᠠᠨ ᠬᠠᠳᠤᠵᠤ ᠶᠠᠭᠠᠷᠠᠯᠳᠤᠵᠤ ᠪᠠᠶᠢᠯ᠎ᠠ᠂ ᠲᠡᠷᠡ ᠰᠤᠷᠪᠤᠯᠵᠢᠯᠠᠭᠴᠢ ᠳᠤ᠂ ᠣᠳᠤ ᠦᠨᠦᠷᠲᠦ ᠨᠣᠭᠤᠭ᠎ᠠ ᠶᠢ ᠨᠢᠭᠡᠨᠲᠡ ᠵᠠᠬ᠎ᠠ ᠳᠡᠯᠭᠡᠭᠦᠷ ᠲᠤ ᠭᠠᠷᠭᠠᠵᠤ᠂ ᠵᠢᠩ ᠳᠡᠭᠡᠨ 15 ᠲᠥᠭᠦᠷᠢᠭ ᠢᠶᠠᠷ ᠬᠤᠳᠠᠯᠳᠤᠵᠤ ᠳᠡᠶᠢᠯᠦᠨ᠎ᠡ ᠭᠡᠵᠦ ᠬᠡᠯᠡᠪᠡ᠃
6e0d6fe91d19deec55f3be1e3eddee1.jpg
    ︽ᠪᠢ ᠡᠨᠡ ᠵᠢᠯ ᠴᠥᠮ ᠵᠢᠵᠢᠭ ᠰᠢᠯᠢᠮᠳᠡᠭ᠂ ᠦᠨᠦᠷᠲᠦ ᠨᠣᠭᠤᠭ᠎ᠠ᠂ ᠪᠣᠷᠣ ᠰᠢᠪᠠᠭ᠂ ᠵᠢᠵᠢᠭ ᠴᠠᠭᠠᠨ ᠨᠣᠭᠤᠭ᠎ᠠ ᠵᠡᠷᠭᠡ  ᠶᠢ ᠳᠠᠷᠢᠵᠠᠢ᠂ ᠴᠥᠮ ᠲᠠᠷᠢᠶᠠᠯᠠᠩ ᠤᠨ ᠪᠣᠷᠳᠣᠭᠤᠷ᠂ ᠪᠣᠬᠢᠷᠳᠤᠯ ᠦᠭᠡᠢ  ᠪᠦᠲᠦᠭᠡᠭᠳᠡᠬᠦᠨ ᠢ ᠬᠡᠷᠡᠭᠯᠡᠪᠡ᠂ ᠤᠳᠠᠯ ᠦᠭᠡᠢ ᠰᠢᠨᠡᠯᠡᠬᠦ ᠭᠡᠵᠦ ᠪᠠᠶᠢᠭ᠎ᠠ ᠪᠢᠰᠢ ᠤᠤ᠂ ᠣᠯᠠᠨ ᠳᠤ ᠰᠢᠨ᠎ᠡ ᠰᠣᠷᠭᠤᠭ ᠢᠳᠡᠰᠢᠨ ᠨᠣᠭᠤᠭ᠎ᠠ ᠢᠳᠡᠭᠦᠯᠬᠦ ᠭᠡᠵᠦ ᠪᠠᠶᠢᠭ᠎ᠠ ᠶᠤᠮ︾ ᠭᠡᠵᠦ ᠬᠡᠯᠡᠪᠡ᠃  ᠹᠦ᠋ ᠵᠧᠨ ᠮᠢᠩ ᠲᠠᠨᠢᠯᠴᠠᠭᠤᠯᠬᠤ ᠳᠠᠭᠠᠨ᠂ ᠲᠡᠳᠡᠨ ᠤ ᠬᠢᠨ 10 ᠰᠠᠭᠤᠷᠢ ᠢᠳᠡᠰᠢᠨ ᠨᠣᠭᠤᠭᠠᠨ ᠤ ᠳᠣᠯᠠᠭᠠᠨ ᠬᠦᠯᠡᠮᠵᠢ ᠡᠵᠡᠩᠨᠡᠵᠦ᠂ ᠭᠤᠣᠯᠳᠠᠭᠤ ᠰᠢᠨ᠎ᠡ ᠰᠣᠷᠭᠤᠭ ᠢᠳᠡᠰᠢᠨ ᠨᠣᠭᠤᠭ᠎ᠠ ᠳᠠᠷᠢᠵᠤ ᠪᠣᠢ᠂ ᠵᠢᠯ ᠤᠨ ᠴᠡᠪᠡᠷ ᠣᠷᠣᠯᠭ᠎ᠠ 7 丨 8 ᠲᠦᠮᠡᠨ ᠲᠥᠭᠦᠷᠢᠭ ᠬᠦᠷᠦᠨ᠎ᠡ᠃    ᠬᠠᠷ᠎ᠠ ᠪᠤᠯᠠᠭ ᠲᠣᠰᠬᠤᠨ ᠪᠣᠯ ᠬᠤᠲᠠ ᠶᠢᠨ ᠲᠡᠭᠦᠷᠭᠡ ᠶᠢᠨ ᠠᠭᠤᠯᠵᠠᠷ ᠲᠤ ᠪᠠᠶᠢᠵᠤ᠂ ᠨᠡᠶᠢᠲᠡᠯᠢᠭ ︽ᠬᠤᠲᠠ ᠶᠢᠨ ᠳᠤᠮᠳᠠᠬᠢ ᠲᠣᠰᠬᠤᠨ︾ ᠳᠤ ᠬᠠᠷᠢᠶᠠᠯᠠᠭᠳᠠᠨ᠎ᠠ᠂ ᠠᠳᠡᠬᠢ ᠭᠠᠵᠠᠷ ᠤᠨ ᠪᠠᠶᠢᠴᠠ ᠨᠢ ᠲᠡᠭᠰᠢᠬᠡᠨ᠂ ᠨᠡᠷᠡᠨ ᠤ ᠲᠤᠰᠤᠯᠲᠠ ᠭᠦᠢᠴᠡᠳ᠂ ᠤᠰᠤᠯᠠᠯᠲᠠ ᠬᠢᠬᠦ ᠳᠤ ᠳᠦᠭᠦᠮ᠂ ᠤᠷᠳᠤ ᠤᠳᠠᠭᠠᠨ ᠬᠤᠭᠤᠴᠠᠭᠠᠨ ᠤ ᠢᠳᠡᠰᠢᠨ ᠨᠣᠭᠤᠭ᠎ᠠ ᠳᠠᠷᠢᠭᠰᠠᠨ ᠲᠡᠦᠬᠡ ᠲᠠᠢ ᠶᠤᠮ᠃ ᠣᠳᠣᠬᠠᠨ ᠳᠤ᠂ ᠪᠦᠬᠦ ᠲᠣᠰᠬᠤᠨ ᠳᠤ 200 ᠭᠠᠷᠤᠢ ᠳᠣᠯᠠᠭᠠᠨ ᠬᠦᠯᠡᠮᠵᠢ ᠲᠠᠢ᠂ ᠪᠠᠷᠤᠭ 350 ᠮᠦ᠂ ᠲᠠᠷᠢᠮᠠᠯ ᠤᠨ ᠡᠷᠦᠭᠡ ᠨᠡᠶᠢᠳᠡ 40 ᠭᠠᠷᠤᠢ ᠪᠠᠶᠢᠵᠤ᠂ ᠬᠦᠯᠡᠮᠵᠢ ᠪᠦᠷᠢ ᠶᠢᠨ ᠴᠡᠪᠡᠷ ᠣᠷᠣᠯᠭ᠎ᠠ 1 ᠲᠦᠮᠡᠨ ᠲᠥᠭᠦᠷᠢᠭ ᠬᠦᠷᠦᠨ᠎ᠡ᠃
c876d1246f89dafd466f0c88a04d17f.jpg
    ᠬᠠᠷ᠎ᠠ ᠪᠤᠯᠠᠭ ᠲᠣᠰᠬᠤᠨ ᠤ ᠨᠠᠮ ᠤᠨ ᠡᠭᠦᠷ ᠤᠨ ᠱᠦᠵᠢ ᠯᠢ ᠸᠧᠨ ᠵᠦᠩ᠄ ︽ᠮᠠᠨ ᠤ ᠲᠣᠰᠬᠤᠨ ᠤ ᠬᠢᠨ ᠲᠥᠬᠦᠭᠡᠷᠦᠮᠵᠢᠲᠦ ᠢᠳᠡᠰᠢᠨ ᠨᠣᠭᠤᠭ᠎ᠠ ᠶᠢ ᠬᠥᠭᠵᠢᠭᠦᠯᠦᠭᠡᠳ ᠨᠢᠭᠡᠨᠲᠡ ᠬᠤᠷᠢ ᠭᠠᠷᠤᠢ ᠵᠢᠯ ᠪᠣᠯᠪᠠ᠂ ᠤᠯᠠᠨ ᠲᠦᠮᠡᠨ ᠤ ᠢᠳᠡᠪᠬᠢᠵᠢᠯ ᠴᠦ ᠮᠠᠰᠢ ᠥᠨᠳᠥᠷ ᠪᠠᠶᠢᠨ᠎ᠠ᠂ ᠬᠦᠯᠡᠮᠵᠢ ᠪᠦᠷᠢ ᠨᠢᠭᠡ ᠵᠢᠯ ᠳᠤ ᠳᠥᠷᠪᠡ ᠤᠳᠠᠭ᠎ᠠ ᠲᠠᠷᠢᠵᠦ ᠪᠣᠯᠣᠨ᠎ᠠ᠂ ᠡᠨᠡ ᠨᠢ ᠪᠠᠰᠠ ᠨᠢᠭᠡ ᠬᠡᠰᠡᠭ ᠣᠷᠣᠯᠭ᠎ᠠ ᠶᠢ ᠨᠡᠮᠡᠭᠳᠡᠭᠦᠯᠵᠦ᠂ ᠤᠯᠠᠨ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠪᠠ︾ ᠭᠡᠵᠦ ᠬᠡᠯᠡᠪᠡ᠃    ᠣᠶᠢᠷ᠎ᠠ ᠶᠢᠨ ᠵᠢᠯ ᠠᠴᠠ᠂ ᠯᠦᠪᠧᠢ ᠪᠠᠯᠭᠠᠰᠤ ︽ᠪᠦᠲᠦᠴᠡ ᠶᠢ ᠲᠣᠬᠢᠷᠠᠭᠤᠯᠵᠤ᠂ ᠠᠵᠤ ᠦᠢᠯᠡᠰ ᠢ ᠬᠥᠭᠵᠢᠭᠦᠯᠵᠦ᠂ ᠰᠠᠭᠤᠷᠢᠨ ᠭᠠᠵᠠᠷ ᠪᠠᠶᠢᠭᠤᠯᠵᠤ︾᠂ ᠪᠦᠬᠦ ᠪᠠᠯᠭᠠᠰᠤ ᠳᠤ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢᠨ ᠬᠠᠮᠲᠤ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠲᠦᠷᠦᠯ ᠵᠦᠢᠯ ᠲᠠᠩ ᠴᠤᠯᠭᠤᠢ᠂ ᠰᠢᠨ᠎ᠡ ᠮᠡᠷᠭᠡᠵᠢᠯ ᠤᠨ ᠢᠵᠢ ᠪᠦᠷᠢᠳᠦᠭᠰᠡᠨ ᠨᠤᠷᠮ᠎ᠠ ᠳᠣᠣᠷ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠲᠥᠬᠦᠭᠡᠷᠦᠮᠵᠢᠲᠦ ᠭᠦᠵᠡᠯᠵᠡᠭᠡᠨ᠎ᠡ᠂ ᠭᠠᠳᠢᠷ᠎ᠠ ᠵᠢᠮᠢᠰ᠂ ᠠᠮᠲᠠᠲᠤ ᠬᠡᠮᠬᠡ ᠵᠡᠷᠭᠡ ᠰᠢᠨ᠎ᠡ ᠲᠦᠷᠦᠯ ᠵᠦᠢᠯ ᠢ ᠣᠷᠣᠭᠤᠯᠤᠨ ᠵᠢᠱᠢᠶ᠎ᠡ ᠦᠵᠡᠭᠦᠯᠦᠨ ᠲᠠᠷᠢᠵᠦ᠂ ᠠᠵᠤ ᠦᠢᠯᠡᠰ ᠤᠨ ᠦᠷ᠎ᠡ ᠠᠰᠢᠭ ᠡᠳᠦᠷ ᠢᠷᠡᠬᠦᠶ᠎ᠡ ᠲᠣᠪᠣᠶᠢᠮ᠎ᠠ ᠪᠣᠯᠪᠠ᠃
f4817620223b6438e2075f5e024786e.jpg
    ᠯᠦᠪᠧᠢ ᠪᠠᠯᠭᠠᠰᠤᠨ ᠤ ᠵᠧᠩ ᠣᠪᠣᠭᠲᠤ ᠶᠢᠨ ᠭᠦᠵᠡᠯᠵᠡᠭᠡᠨ᠎ᠡ ᠲᠡᠭᠦᠬᠦ ᠬᠦᠯᠡᠮᠵᠢ ᠳᠤ᠂ ᠲᠠᠷᠢᠶᠠᠨ ᠳᠠᠯᠠᠩ ᠳᠠᠬᠢ ᠬᠦᠵᠡᠯᠵᠡᠭᠡᠨ᠎ᠡ ᠲᠣᠰᠣᠯᠢᠭ ᠨᠣᠭᠤᠭᠠᠨ ᠢᠳᠡᠷᠡᠭᠦᠨ ᠣᠷᠭᠤᠵᠤ᠂ ᠭᠦᠵᠡᠯᠵᠡᠭᠡᠨ᠎ᠡ ᠪᠦᠷᠢ  ᠬᠦᠮᠦᠰ ᠤᠨ ᠪᠠᠭ᠋ᠠᠷᠳᠣᠯ ᠢ ᠲᠠᠲᠠᠨ᠎ᠠ᠂ ᠳᠤᠯᠠᠭᠠᠨ ᠴᠢᠭᠢᠭᠯᠢᠭ ᠠᠭᠠᠷ ᠲᠤ ᠭᠦᠵᠡᠯᠵᠡᠭᠡᠨ᠎ᠡ ᠶᠢᠨ ᠠᠩᠬᠢᠯᠤᠮ᠎ᠠ ᠦᠨᠦᠷ ᠬᠤᠯᠢᠯᠳᠤᠵᠤ᠂ ᠬᠥᠮᠥᠰ ᠤᠨ ᠰᠢᠯᠦᠰᠦ ᠶᠢ ᠭᠤᠭᠤᠵᠢᠭᠤᠯᠤᠨ᠎ᠠ᠂ ᠴᠥᠭᠡᠨ ᠪᠤᠰᠤ ᠵᠤᠭᠠᠴᠠᠭᠰᠠᠳ ᠢᠷᠡᠵᠦ ᠲᠡᠭᠦᠬᠦ ᠶᠢᠨ ᠬᠠᠪᠤ ᠴᠡᠩᠭᠡᠯ ᠢ ᠡᠳ᠋ᠯᠡᠵᠦ᠂ ᠬᠠᠬᠢᠷ ᠬᠦᠢᠲᠡᠨ ᠳᠤ ᠣᠨᠳᠣᠣ ᠶᠠᠩᠵᠤ ᠶᠢᠨ  ᠪᠠᠶᠠᠷ ᠬᠥᠷ ᠢ ᠡᠳ᠋ᠯᠡᠨ᠎ᠡ᠃    ᠵᠤᠭᠠᠴᠠᠭᠴᠢ ᠴᠧᠨ ᠮᠧᠢ ᠴᠢ ᠡᠩ ᠤᠨ ᠴᠠᠭ ᠲᠠᠭᠠᠨ ᠭᠠᠳᠠᠨ᠎ᠠ ᠣᠷᠣᠨ ᠳᠤ ᠠᠵᠢᠯᠯᠠᠵᠤ᠂ ᠨᠠᠰᠤᠲᠠᠨ ᠬᠥᠭᠰᠢᠨ ᠳᠠᠭᠠᠨ ᠬᠠᠨᠢ ᠪᠣᠯᠬᠤ ᠴᠠᠭ ᠳᠡᠮᠡᠢ ᠪᠠᠶᠢᠬᠤ ᠦᠭᠡᠢ ᠪᠠᠶᠢᠪᠠ᠂ ᠴᠠᠭᠠᠨ ᠰᠠᠷ᠎ᠠ ᠶᠢᠨ ᠠᠮᠠᠷᠠᠯᠲᠠ ᠶᠢ ᠠᠮᠵᠢᠵᠤ ᠂ ᠲᠡᠷᠡ ᠭᠡᠷ ᠤᠨ ᠬᠥᠮᠥᠰ ᠲᠡᠭᠡᠨ ᠠᠮᠲᠠᠲᠠᠢ ᠵᠢᠮᠢᠰ ᠠᠪᠴᠢᠷᠠᠵᠤ ᠥᠭᠬᠦ ᠶᠢ ᠪᠤᠳᠤᠵᠠᠢ᠃ ︽ᠰᠣᠨᠤᠰᠬᠤᠯᠠᠷ ᠡᠨᠡ ᠭᠦᠵᠡᠯᠵᠡᠭᠡᠨ᠎ᠡ  ᠶᠢᠨ ᠬᠦᠷᠢᠶᠡᠯᠡᠩ ᠤᠨ ᠭᠦᠵᠡᠯᠵᠡᠭᠡᠨ᠎ᠡ ᠨᠢ ᠲᠣᠮᠣ ᠪᠥᠭᠡᠳ ᠤᠯᠠᠭᠠᠨ ᠪᠠᠶᠢᠨ᠎ᠠ ᠭᠡᠨ᠎ᠡ᠂ ᠥᠨᠥᠳᠥᠷ ᠰᠣᠯᠠ ᠴᠠᠭ ᠢᠶᠠᠨ ᠦᠵᠡᠵᠦ ᠢᠷᠡᠵᠦ ᠲᠡᠭᠦᠪᠡ᠂ ᠤᠳᠠᠯ ᠦᠭᠡᠢ ᠰᠢᠨᠡᠯᠡᠬᠦ ᠭᠡᠵᠦ ᠪᠠᠶᠢᠭ᠎ᠠ ᠪᠣᠯᠬᠤᠷ ᠢᠯᠡᠭᠦᠬᠡᠨ ᠰᠢᠭ᠋ ᠲᠡᠭᠦᠵᠦ ᠠᠪᠤ ᠡᠵᠢ ᠳᠡᠭᠡᠨ ᠥᠭᠴᠦ ᠠᠮᠲᠠᠯᠠᠭᠤᠯᠬᠤ  ᠶᠢ ᠬᠦᠰᠡᠵᠦ ᠪᠠᠶᠢᠨ᠎ᠠ︾ ᠴᠧᠨ ᠮᠧᠶ ᠴᠢ ᠲᠡᠭᠦᠬᠦ ᠶᠢᠨ ᠳᠠᠭᠠᠤ ᠬᠡᠯᠡᠪᠡ᠃
bca9caf9cedd932bb4a7e150fc02f19.jpg
    ᠵᠢᠮᠢᠰ ᠲᠡᠭᠦᠬᠦ ᠬᠦᠷᠢᠶᠡᠯᠡᠩ ᠤᠨ ᠬᠠᠷᠢᠭᠤᠴᠠᠯᠭᠠᠲᠠᠨ ᠵᠧᠩ ᠯᠧᠢ ᠲᠠᠨᠢᠯᠴᠠᠭᠤᠯᠬᠤ ᠳᠠᠭᠠᠨ᠄ ︽ᠡᠨᠡ ᠵᠢᠯ ᠪᠢ 3 ᠬᠦᠯᠡᠮᠵᠢ ᠳᠠᠷᠢᠵᠤ᠂ ᠹᠢᠽᠢᠺ ᠤᠨ ᠠᠷᠭ᠎ᠠ ᠪᠠᠷ ᠪᠠᠺᠲ᠋ᠧᠷᠢ ᠠᠯᠠᠬᠤ ᠪᠠ ᠪᠠᠯᠲᠤ ᠵᠥᠭᠡᠢ ᠪᠠᠷ ᠲᠣᠭᠤᠰᠣ ᠬᠦᠷᠲᠡᠭᠡᠪᠡ᠂ ᠣᠳᠣᠬᠠᠨ ᠳᠤ᠂ ᠬᠦᠯᠡᠮᠵᠢ ᠶᠢᠨ ᠭᠦᠵᠡᠯᠵᠡᠭᠡᠨ᠎ᠡ ᠶᠢᠨ ᠬᠤᠷᠢᠶᠠᠯᠲᠠ ᠡᠯᠪᠡᠭ ᠤᠯᠠᠷᠢᠯ ᠳᠤ ᠣᠷᠣᠵᠤ᠂ ᠮᠦ ᠪᠦᠷᠢ ᠶᠢᠨ ᠦᠢᠯᠡᠳᠪᠦᠷᠢᠯᠡᠬᠦ ᠴᠢᠳᠠᠪᠤᠷᠢ 5000 ᠵᠢᠩ ᠣᠷᠴᠢᠮ ᠬᠦᠷᠴᠦ᠂ ᠬᠦᠯᠡᠮᠵᠢ ᠪᠦᠷᠢ 2 ᠲᠦᠮᠡᠨ ᠲᠥᠭᠦᠷᠢᠭ ᠣᠷᠴᠢᠮ ᠤᠨ ᠠᠰᠢᠭ ᠣᠷᠣᠯᠭ᠎ᠠ ᠪᠡᠶᠡᠯᠡᠭᠦᠯᠵᠦ ᠲᠠᠶᠢᠯᠤᠨ᠎ᠠ︾ ᠭᠡᠪᠡ᠃    ᠣᠯᠠᠨ ᠲᠦᠮᠡᠨ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠵᠢᠮᠢᠰ ᠨᠣᠭᠤᠭ᠎ᠠ ᠳᠠᠷᠢᠬᠤ ᠶᠢ ᠬᠥᠭᠵᠢᠭᠦᠯᠬᠦ ᠶᠢᠨ ᠲᠥᠯᠥᠭᠡ᠂ ᠣᠶᠢᠷ᠎ᠠ ᠶᠢᠨ ᠵᠢᠯ ᠤᠳ ᠲᠤ᠂  ᠯᠦᠪᠸᠢ ᠪᠠᠯᠭᠠᠰᠤ ᠬᠢᠨ ᠣᠯᠠᠨ ᠲᠦᠮᠡᠨ ᠤ ᠮᠡᠷᠭᠡᠵᠢᠯ᠂ ᠲᠥᠷᠥᠯ ᠵᠦᠢᠯ᠂ ᠪᠡᠯᠡ ᠮᠥᠩᠭᠦ᠂ ᠵᠠᠬ᠎ᠠ ᠳᠡᠯᠭᠡᠭᠦᠷ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠲᠠᠰᠤᠷᠠᠯᠲᠠ ᠦᠭᠡᠢ ᠰᠢᠢᠳᠪᠦᠷᠢᠯᠡᠵᠦ᠂ ᠠᠵᠤ ᠦᠶᠢᠯᠡᠰᠵᠢᠯᠲᠡ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠰ ᠪᠠᠯᠭᠠᠰᠤ ᠶᠢᠨ ᠬᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠢᠳᠡᠰᠢᠨ ᠨᠣᠭᠤᠭ᠎ᠠ ᠵᠢᠮᠢᠰ ᠤᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠡᠷᠳᠡᠨᠢ ᠪᠣᠯᠭᠠᠵᠤ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ᠂ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃
7ebe7c710c5a3f09ab12310ed56ecf9.jpg
    ᠣᠶᠢᠯᠠᠭᠠᠭᠰᠠᠨ ᠢᠶᠠᠷ᠂ ᠯᠦᠪᠧᠢ ᠪᠠᠯᠭᠠᠰᠤᠨ ᠳᠤ ᠨᠡᠶᠢᠳᠡ 712 ᠲᠣᠮᠣ ᠬᠦᠯᠡᠮᠵᠢ᠂ ᠵᠢᠵᠢᠭ ᠭᠤᠯᠳᠤᠩ ᠬᠦᠯᠡᠮᠵᠢ ᠲᠠᠢ᠂ 38 ᠶᠢ ᠨᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠪᠠ᠂ ᠺᠥ᠋ ᠯᠦᠩ ᠱᠠᠨ᠂ ᠠᠮᠠᠰᠠᠷ᠂ ᠬᠠᠷ᠎ᠠ ᠪᠤᠯᠠᠭ ᠵᠡᠷᠭᠡ ᠲᠥᠬᠦᠭᠡᠷᠦᠮᠵᠢ ᠶᠢᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠠᠭᠤᠷᠢᠨ 3 ᠪᠠᠶᠢᠭᠤᠯᠵᠤ᠂ ᠢᠳᠡᠰᠢᠨ ᠨᠣᠭᠤᠭ᠎ᠠ ᠶᠢᠨ ᠬᠦᠯᠡᠮᠵᠢ ᠶᠢᠨ ᠲᠠᠷᠢᠬᠤ ᠲᠠᠯᠠᠪᠠᠢ 370 ᠮᠦ ᠠᠴᠠ ᠳᠡᠭᠡᠭᠰᠢ ᠬᠦᠷᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号