| 1 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠢᠴᠡᠳᠭᠡᠬᠦ ᠪᠠᠶᠢᠳᠠᠯ ᠢ ᠠᠬᠢᠭᠤᠯᠬᠤ | ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠪᠠᠲᠤ᠂ ᠯᠢᠦ ᠶᠣᠣ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ | ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠪᠠᠢ ᠶᠠᠨ ᠰᠢᠤᠸᠠᠢ᠂ ᠳᠡᠳ᠋ ᠬᠤᠰᠢᠭᠤᠨ ᠳᠠᠷᠤᠭ᠎ᠠ ᠯᠢ ᠶᠦᠩ | ᠬᠠᠢ᠂ ᠼᠦᠢ ᠯᠧᠢ ᠯᠧᠢ᠂ ᠭᠦᠸᠧ ᠶᠠ ᠹᠧᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠭᠦᠢᠴᠡᠳ ᠲᠠᠨᠢᠵᠤ᠂ | ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠶᠢ ᠠᠬᠢᠭᠤᠯᠬᠤ ᠪᠠᠴᠢᠮ | ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ | ᠴᠢᠩᠭᠠᠳᠬᠠᠵᠤ᠂ ᠬᠠᠮᠲᠤᠷᠠᠨ ᠠᠵᠢᠯᠯᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠤᠨ ᠨᠡᠶᠢᠯᠡᠮᠡᠯ | ᠬᠦᠴᠦᠨ ᠢ ᠨᠢᠭᠲᠠᠷᠠᠭᠤᠯᠵᠤ᠂ ᠲᠥᠷᠥᠯ ᠵᠦᠢᠯ ᠳᠤ ᠭᠠᠵᠠᠷ ᠬᠡᠷᠡᠭᠯᠡᠬᠦ᠂ ᠵᠢᠷᠤᠭ ᠲᠥᠰᠦᠪ ᠢ ᠬᠢᠨᠠᠬᠤ᠂ ᠡᠳ᠋ ᠤᠨ | ᠵᠠᠰᠠᠭ ᠤᠨ ᠬᠢᠨᠠᠨ ᠲᠣᠭᠲᠠᠭᠠᠬᠤ᠂ ᠭᠠᠷᠳᠠᠮ ᠭᠦᠢᠴᠡᠳᠬᠡᠬᠦ ᠵᠡᠷᠭᠡ ᠭᠤᠶᠤᠴᠢᠯᠠᠨ ᠮᠡᠳᠡᠭᠦᠯᠬᠦ ᠪᠠ ᠬᠢᠨᠠᠨ | ᠵᠥᠪᠰᠢᠶᠡᠷᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠠᠬᠢᠴᠠ ᠶᠢ ᠲᠡᠷᠡ ᠳᠠᠷᠤᠢ ᠳᠤᠨᠢ ᠡᠵᠡᠮᠰᠢᠨ᠂ | ᠠᠬᠢᠭᠤᠯᠬᠤ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠳᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠢ | ᠳᠤᠨᠢ ᠰᠢᠢᠳᠪᠦᠷᠢᠯᠡᠬᠦ ᠶᠢ ᠪᠡᠶᠡᠯᠡᠭᠦᠯᠵᠦ᠂ ᠲᠥᠷᠥᠯ ᠵᠦᠢᠯ ᠤᠨ ᠲᠦᠯᠦᠪᠵᠢᠭᠦᠯᠦᠯᠲᠡ ᠶᠢ ᠲᠠᠰ ᠲᠡᠪᠰᠢᠭᠦᠯᠵᠦ᠂ | ᠠᠬᠢᠭᠤᠯᠬᠤ ᠡᠷᠴᠢᠮ ᠲᠠᠢ᠂ ᠪᠦᠲᠦᠭᠡᠨ ᠪᠠᠶᠢᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ ᠭᠡᠪᠡ᠃ | | | ᠱᠤᠤ ᠶᠠᠨ ᠵᠢᠶᠦ᠋ᠨ ᠱᠠᠭᠠᠷᠳᠠᠭᠰᠠᠨ ᠨᠢ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠯᠢᠶᠡᠬᠦ ᠦᠭᠡᠢ | ᠲᠦᠰᠢᠭᠯᠡᠬᠦ ᠦᠭᠡᠢ ᠪᠠᠶᠢᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠦᠢᠯᠡᠴᠢᠯᠡᠭᠡ ᠪᠠᠷ ᠭᠤᠣᠯ ᠪᠣᠯᠭᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ᠂ ᠦᠢᠯᠡᠴᠢᠯᠡᠬᠦ᠂ ᠬᠦᠴᠦᠨ ᠵᠦᠢᠯ ᠦᠨᠪᠠᠲᠤᠯᠠᠭᠠ ᠵᠡᠷᠭᠡ ᠠᠵᠢᠯ ᠢ | ᠰᠠᠶᠢᠲᠤᠷ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ | ᠪᠦᠷᠢᠯᠳᠦᠭᠦᠯᠵᠦ ᠥᠭᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ | ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠬᠢᠨ ᠢ ᠢᠳᠡᠪᠬᠢᠲᠡᠢ ᠬᠠᠪᠰᠤᠷᠤᠨ ᠡᠯ᠎ᠡ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠭᠠᠷᠳᠠᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ | ᠭᠦᠢᠴᠡᠳᠭᠡᠬᠦ ᠳᠤ ᠬᠠᠤᠯᠢ ᠳᠤ ᠨᠡᠶᠢᠴᠡᠬᠦ᠂ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠣᠳᠣᠬᠠᠨ ᠤ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠵᠢᠯ ᠨᠢᠭᠡᠪᠦᠷᠢ᠂ ᠨᠠᠷᠢᠨ ᠵᠦᠢᠯᠡᠰ | ᠨᠢᠭᠡᠪᠦᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ | ᠬᠡᠷᠡᠭᠲᠡᠢ᠃ ᠡᠭᠦᠷᠭᠡ ᠲᠠᠢ ᠪᠠᠨ ᠬᠠᠷᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠪᠠᠷ ᠴᠢᠷᠮᠠᠶᠢᠵᠤ᠂ | ᠴᠠᠭ ᠮᠥᠴᠡ ᠶᠢ ᠠᠯᠳᠠᠯ ᠦᠭᠡᠢ ᠴᠢᠷᠮᠠᠶᠢᠵᠤ᠂ ᠦᠷᠭᠦᠯᠵᠢᠯᠡᠨ ᠬᠦᠴᠦᠯᠡᠵᠦ᠂ ᠬᠠᠮᠤᠭ ᠤᠨ ᠣᠬᠤᠷ ᠬᠤᠭᠤᠴᠠᠭᠠᠨ | ᠳᠣᠲᠣᠷ᠎ᠠ ᠭᠠᠷ ᠭᠦᠢᠴᠡᠳᠬᠡᠯ ᠢ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠴᠢᠷᠮᠠᠶᠢᠬᠤ | ᠬᠡᠷᠡᠭᠲᠡᠢ ᠭᠡᠪᠡ᠃ |