1 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠢᠪᠡ᠃ ᠦ᠋ ᠴᠢᠩ ᠬᠠᠢ᠂ ᠯᠢᠦ ᠶᠦᠩ ᠵᠡᠷᠭᠡ ᠭᠠᠵᠠᠷ ᠤᠨ | ᠳᠡᠰ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ ᠵᠡᠭᠡᠯᠢ ᠭᠤᠳᠤᠮᠵᠢ ᠶᠢᠨ | ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠤᠬᠠᠭᠤᠯᠬᠤ ᠭᠡᠰᠢᠭᠦᠨ︔ ᠬᠤᠰᠢᠭᠤᠨ ᠰᠢᠭᠤᠳ ᠬᠠᠷᠢᠶ᠎ᠠ ᠡᠯ᠎ᠡ | ᠰᠢᠰᠲ᠋ᠧᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ︔ ᠬᠤᠰᠢᠭᠤᠨ ᠤ | ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠳᠤ ᠬᠠᠷᠢᠶᠠᠯᠠᠭᠳᠠᠬᠤ ᠡᠯ᠎ᠡ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ ᠡᠷᠬᠢᠯᠡᠪᠡ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠰᠢ ᠯᠢᠨ ᠠᠴᠠ ᠰᠢ ᠶᠢᠨ | ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠯᠢ | ᠰᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ ᠳᠡᠭᠡᠷ᠎ᠡ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠦᠯᠤᠭᠡᠯᠡᠨ ᠬᠢᠭᠰᠡᠨ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠬᠤᠰᠢᠭᠤᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠭᠦᠸᠧ ᠰᠢᠶᠣᠣ ᠴᠢᠶᠠᠨ ︽ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ ︱ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠶ᠎ᠠ︾ ᠭᠡᠬᠦ ᠰᠡᠳᠦᠪ ᠢᠶᠠᠷ 5 ᠶᠢ ᠪᠠᠳᠤ ᠡᠵᠡᠮᠰᠢᠬᠦ ᠪᠠᠷ ᠰᠡᠳᠤᠪ ᠢᠶᠠᠷ ᠡᠬᠢᠯᠡᠭᠦᠯᠤᠨ᠂ 3 ᠶᠡᠭᠡ | ᠶᠠᠪᠤᠳᠠᠯ᠂ 10 ᠲᠣᠳᠣᠷᠬᠠᠶᠢᠯᠠᠯᠲᠠ᠂ 14 ᠪᠠᠷᠢᠮᠲᠠᠯᠠᠯ ᠢ ᠰᠢᠰᠲ᠋ᠧᠮ ᠲᠠᠢ ᠲᠠᠶᠢᠯᠪᠤᠷᠢᠯᠠᠵᠤ᠂ 13 ᠲᠠᠯ᠎ᠠ ᠶᠢᠨ | ᠠᠮᠵᠢᠯᠲᠠ ᠪᠦᠲᠦᠮᠵᠢ ᠪᠠᠷ ᠢᠶᠠᠷ ᠰᠢᠨ᠎ᠡ ᠴᠠᠭ ᠦᠶ᠎ᠡ ᠶᠢᠨ ᠠᠩᠬᠠᠨ ᠤ ᠡᠭᠦᠳᠦᠯᠲᠡ ᠶᠢᠨ ᠴᠢᠨᠠᠷᠲᠠᠢ ᠦᠵᠡᠯ ᠰᠠᠨᠠᠭ᠎ᠠ᠂ | ᠬᠤᠪᠢᠰᠤᠯᠲᠠ ᠶᠢᠨ ᠴᠢᠨᠠᠷᠲᠠᠢ ᠦᠢᠯᠡᠳᠦᠯᠭᠡ᠂ ᠰᠢᠪᠲᠤᠯᠤᠯᠲᠠ ᠶᠢᠨ ᠴᠢᠨᠠᠷᠲᠠᠢ ᠠᠬᠢᠴᠠ᠂ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠢ ᠲᠥᠪᠯᠡᠷᠡᠭᠦᠯᠦᠨ ᠲᠠᠶᠢᠯᠪᠤᠷᠢᠯᠠᠪᠠ︔ ᠡᠭᠦᠨ ᠳᠤ ᠰᠢᠨ᠎ᠡ ᠴᠠᠭ ᠦᠶ᠎ᠡ ᠶᠢᠨ ᠠᠩᠬᠠᠨ ᠤ | ᠡᠭᠦᠳᠦᠯᠲᠡ ᠶᠢᠨ ᠴᠢᠨᠠᠷᠲᠠᠢ ᠦᠵᠡᠯ ᠰᠠᠨᠠᠭ᠎ᠠ᠂ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ᠂ ᠰᠢᠪᠲᠤᠯᠤᠯᠲᠠ ᠶᠢᠨ | ᠴᠢᠨᠠᠷᠲᠠᠢ ᠠᠬᠢᠴᠠ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠲᠥᠪᠯᠡᠷᠡᠭᠦᠯᠦᠨ ᠲᠠᠶᠢᠯᠪᠤᠷᠢᠯᠠᠪᠠ︔ ᠪᠠᠰᠠ | 12 ᠲᠠᠯ᠎ᠠ ᠪᠠᠷ ︽ᠤᠯᠤᠰ ᠢᠶᠠᠨ ᠬᠦᠴᠦᠷᠬᠡᠭᠵᠢᠭᠦᠯᠬᠦ︾᠂ 5 ᠲᠠᠯ᠎ᠠ ᠶᠢᠨ ︽ᠳᠤᠮᠳᠠᠳᠤ ᠤᠯᠤᠰ︾ ᠢᠶᠠᠷ ᠬᠢᠯᠠᠰ | ᠴᠡᠭ ᠪᠣᠯᠭᠠᠵᠤ᠂ ᠳᠤᠮᠳᠠᠳᠤ ᠤᠯᠤᠰ ᠤᠨ ᠵᠠᠮ᠂ ᠳᠤᠮᠳᠠᠳᠤ ᠤᠯᠤᠰ ᠤᠨ ᠵᠠᠰᠠᠯᠲᠠ᠂ ᠳᠤᠮᠳᠠᠳᠤ ᠤᠯᠤᠰ ᠤᠨ ᠶᠣᠰᠣ | ᠵᠦᠢ ᠶᠢᠨ ᠠᠤᠭ᠎ᠠ ᠰᠦᠷᠯᠢᠭ ᠠᠭᠤᠷ ᠠᠮᠢᠰᠬᠤᠯ ᠢ ᠭᠦᠢᠴᠡᠳ ᠢᠯᠡᠷᠡᠭᠦᠯᠪᠡ᠃ | | | | | ᠶᠣᠣ ᠼᠠᠢ ᠶᠠᠨ ᠠᠴᠠ᠂ ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠬᠦ ᠳᠤᠮᠳᠠ ᠦᠵᠡᠯ ᠰᠠᠨᠠᠭᠠᠨ ᠤ | ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ | ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠭᠤᠷᠪᠠᠨ ᠬᠤᠷᠠᠯ ᠨᠢᠭᠡ ᠬᠢᠴᠢᠶᠡᠯ᠂ ᠭᠤᠣᠯ | ᠳᠤᠭᠤᠶᠢᠯᠠᠩ ᠤᠨ ᠰᠤᠷᠤᠯᠴᠠᠯᠭ᠎ᠠ ᠪᠠᠷ ᠰᠠᠭᠤᠷᠢ ᠤᠨᠤᠯ ᠤᠨ ᠰᠤᠷᠤᠯᠴᠠᠬᠤ ᠠᠷᠭ᠎ᠠ ᠬᠡᠯᠪᠡᠷᠢ ᠪᠣᠯᠭᠠᠵᠤ᠂ ᠤᠯᠤᠰ | ᠲᠦᠷᠦ ᠶᠢᠨ ᠤᠬᠠᠪᠤᠷᠢᠯᠠᠬᠤ ᠴᠢᠳᠠᠪᠤᠷᠢ ᠶᠢ ᠰᠢᠰᠲ᠋ᠧᠮ ᠲᠠᠢ ᠭᠦᠨᠵᠡᠭᠡᠶᠢᠷᠡᠭᠦᠯᠬᠦ ᠳᠤᠮᠳᠠ ᠤᠬᠠᠮᠰᠠᠷ ᠠᠴᠠ ᠪᠠᠨ ︽ | ᠬᠤᠶᠠᠷ ᠢ ᠲᠣᠭᠲᠠᠭᠠᠬᠤ︾ ᠶᠢ ᠬᠦᠷᠢᠶᠡᠯᠡᠬᠦ ᠬᠡᠷᠡᠭᠲᠡᠢ︔ ᠬᠦᠮᠤᠨ ᠬᠤᠪᠢᠶᠠᠨ ᠤᠬᠠᠭᠤᠯᠤᠨ ᠲᠠᠶᠢᠯᠪᠤᠷᠢᠯᠠᠬᠤ᠂ | ᠲᠦᠷᠦᠯ ᠬᠤᠪᠢᠶᠠᠨ ᠤᠬᠠᠭᠤᠯᠬᠤ ᠪᠠᠷ ᠤᠨᠤᠯ ᠤᠨ ᠦᠢᠯᠡᠳᠦᠯᠭᠡ ᠶᠢᠨ ᠴᠢᠬᠤᠯᠠ ᠠᠷᠭ᠎ᠠ ᠬᠡᠯᠪᠡᠷᠢ ᠪᠣᠯᠭᠠᠵᠤ᠂ | ᠥᠷᠭᠡᠨ ᠳᠡᠯᠭᠡᠷᠡᠩᠭᠦᠢ ᠤᠬᠠᠭᠤᠯᠤᠨ ᠬᠥᠲᠥᠯᠥᠨ ᠵᠢᠯᠤᠭᠤᠳᠬᠤ ᠳᠤᠮᠳᠠ ᠤᠬᠠᠮᠰᠠᠷ ᠠᠴᠠ ᠪᠠᠨ ︽ᠬᠤᠶᠠᠷ ᠢ | ᠬᠠᠮᠠᠭᠠᠯᠠᠬᠤ︾ ᠶᠢ ᠬᠦᠨᠵᠡᠭᠡᠶᠢᠷᠡᠭᠦᠯᠬᠦ ᠬᠡᠷᠡᠭᠳᠠᠢ︔ ᠰᠢᠨ᠎ᠡ ᠮᠠᠶ᠋ᠢᠭ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ | ᠵᠠᠭᠪᠤᠷ ᠢ ᠬᠠᠶᠢᠨ ᠰᠦᠪᠡᠭᠴᠢᠯᠡᠬᠦ᠂ ᠰᠤᠳᠤᠯᠭᠠᠨ ᠤ ᠤᠶᠤᠨᠴᠢ ᠬᠥᠮᠥᠷᠭᠡ ᠶᠢᠨ ᠪᠠᠶᠢᠭᠤᠯᠤᠯᠲᠠ ᠶᠢ | ᠴᠢᠩᠭᠠᠳᠬᠠᠬᠤ ᠪᠠᠷ ᠣᠨᠴᠠᠯᠢᠭᠲᠤ ᠤᠨᠤᠯ ᠤᠨ ᠰᠤᠳᠤᠯᠭᠠᠨ ᠤ ᠠᠷᠭ᠎ᠠ ᠬᠡᠯᠪᠡᠷᠢ ᠪᠣᠯᠭᠠᠵᠤ᠂ ᠭᠤᠣᠯᠯᠠᠬᠤ | ᠦᠷᠳᠡᠭ ᠤᠨ ᠦᠵᠡᠯᠲᠡ ᠶᠢᠨ ᠰᠤᠳᠤᠯᠭᠠᠨ ᠤ ᠥᠨᠳᠦᠷᠯᠢᠭ ᠢ ᠪᠠᠶᠢᠭᠤᠯᠬᠤ᠂ ᠦᠭᠡ ᠬᠡᠯᠡᠬᠦ ᠡᠷᠬᠡ ᠲᠠᠶᠢᠯᠪᠤᠷᠢᠯᠠᠬᠤ | ᠡᠷᠬᠡ ᠶᠢ ᠡᠵᠡᠮᠰᠢᠬᠦ ᠳᠤᠮᠳᠠ ᠤᠬᠠᠮᠰᠠᠷ ᠠᠴᠠ ᠪᠠᠨ ︽ᠲᠠᠪᠤ ᠶᠢ ᠪᠠᠲᠤ ᠡᠵᠡᠮᠳᠡᠬᠦ︾ ᠶᠢ ᠦᠢᠯᠡᠳᠦᠯᠭᠡᠵᠢᠭᠦᠯᠵᠦ᠂ | ᠪᠦᠬᠦ ᠨᠠᠮ ᠤᠨ ᠭᠡᠰᠢᠭᠦᠨ ᠺᠠᠳ᠋ᠷᠴᠤᠳ ᠢ ᠤᠶᠤᠨ ᠰᠠᠨᠠᠭᠠᠨ ᠤ ᠠᠤᠭ᠎ᠠ ᠬᠦᠴᠦᠨ ᠤ ᠨᠥᠯᠥᠭᠡᠯᠡᠯ ᠳᠤᠮᠳᠠ ᠦᠵᠡᠯ | ᠰᠠᠨᠠᠭ᠎ᠠ ᠲᠠᠨᠢᠯᠲᠠ ᠶᠢᠨ ᠰᠢᠨ᠎ᠡ ᠥᠨᠳᠥᠷᠴᠡ ᠪᠠᠨ ᠳᠡᠭᠡᠭᠰᠢᠯᠡᠭᠦᠯᠬᠦ ᠶᠢ ᠤᠷᠢᠶᠠᠯᠠᠪᠠ᠃ | ᠶᠣᠣ ᠼᠠᠢ ᠶᠠᠨ ᠱᠠᠭᠠᠷᠳᠠᠭᠰᠠᠨ ᠨᠢ᠂ ᠡᠭᠦᠷᠭᠡ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠡᠬᠢᠯᠡᠯᠲᠡ ᠶᠢᠨ ︽ | ᠵᠤᠷᠢᠯᠳᠠ︾ ᠪᠠᠨ ᠣᠨᠣᠪᠴᠢᠲᠠᠶ ᠣᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ | ᠪᠦᠭᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ ᠣᠷᠣᠨ ᠪᠠᠶᠢᠷᠢ ᠪᠠᠨ | ᠣᠨᠣᠪᠴᠢᠲᠠᠶ ᠣᠯᠵᠤ᠂ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ | ᠥᠪᠡᠷ ᠤᠨ ᠠᠵᠢᠯ ᠢᠶᠠᠨ ᠬᠢᠨᠠᠨ ᠰᠢᠨᠵᠢᠵᠦ᠂ ᠬᠥᠭᠵᠢᠯᠲᠡ ᠶᠢᠨ ᠪᠦᠭᠦ ᠲᠠᠯ᠎ᠠ ᠶᠢ ᠪᠣᠳᠣᠯᠬᠢᠯᠠᠨ᠂ ᠭᠤᠣᠯᠳᠠᠯᠭ᠎ᠠ ᠲᠠᠢ | ᠬᠦᠷᠢᠶ᠎ᠡ ᠶᠢ ᠴᠢᠩᠭ᠎ᠠ ᠠᠩᠬᠠᠷᠬᠤ ᠬᠡᠷᠡᠭᠲᠡᠢ᠃ ᠲᠤᠰ ᠪᠡᠶ᠎ᠡ ᠶᠢᠨ ᠠᠵᠢᠯ ᠲᠥᠷᠥᠯ ᠤᠨ ᠣᠨᠴᠠᠯᠢᠭ ᠲᠠᠭᠠᠨ ᠰᠠᠭᠤᠷᠢᠯᠠᠨ | ᠂ ᠲᠣᠣᠷ ᠰᠦᠯᠵᠢᠶᠡᠨ ᠤ ᠵᠢᠭᠰᠠᠭᠠᠯ ᠤᠨ ᠭᠠᠵᠠᠷ᠂ ᠪᠣᠳᠠᠲᠤ ᠴᠣᠭᠴᠠ ᠶᠢᠨ ᠵᠢᠭᠰᠠᠭᠠᠯ ᠤᠨ ᠭᠠᠵᠠᠷ᠂ ᠲᠠᠯᠠᠪᠤᠷ | ᠭᠠᠵᠠᠷ ᠤᠨ ᠵᠢᠭᠰᠠᠭᠠᠯ ᠤᠨ ᠭᠠᠵᠠᠷ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠠᠭᠤᠴᠢᠯᠠᠭᠤᠷ ᠵᠡᠷᠭᠡ ᠵᠢᠭᠰᠠᠭᠠᠯ ᠤᠨ | ᠭᠠᠵᠠᠷ ᠢ ᠭᠦᠢᠴᠡᠳ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠠᠰᠢᠭᠯᠠᠵᠤ᠂ | ᠲᠤᠤᠷᠴᠢᠯᠠᠬᠰᠠᠨ ᠬᠠᠮᠢᠶᠠᠷᠤᠯᠲᠠ ᠪᠠᠷ ᠱᠠᠳᠤ ᠱᠠᠳᠤ ᠪᠠᠷ ᠠᠬᠢᠭᠤᠯᠵᠦ ᠤᠨᠤᠯ ᠤᠨ ᠰᠤᠷᠤᠯᠴᠠᠯᠭ᠎ᠠ ᠶᠢ | ᠬᠥᠨᠳᠡᠯᠡᠨ ᠢᠶᠠᠷ ᠬᠦᠪᠡᠭᠡᠨ ᠳᠤᠨᠢ ᠲᠤᠯᠳᠠᠯ᠎ᠠ ᠭᠤᠯᠳᠤ ᠪᠠᠷ ᠡᠴᠦᠰ ᠲᠤᠨᠢ ᠲᠤᠯᠲᠠᠯ᠎ᠠ ᠠᠬᠢᠭᠤᠯᠵᠤ᠂ ᠪᠦᠭᠦ | ᠬᠤᠰᠢᠭᠤᠨ ᠤ ᠭᠤᠣᠯ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠰᠠᠭᠤᠷᠢ ᠲᠠᠯᠪᠢᠬᠤ ᠶᠢᠨ ᠬᠠᠮᠲᠤ | ᠶᠡᠭᠡ ᠬᠤᠷᠠᠯ ᠤᠨ ᠭᠤᠣᠯ ᠵᠣᠷᠢᠯᠲᠠ᠂ ᠭᠠᠵᠠᠷ ᠣᠷᠣᠨ ᠤ ᠣᠨᠴᠠᠯᠢᠭ ᠲᠠᠢ ᠪᠠᠨ ᠨᠢᠭᠲᠠ ᠤᠶᠠᠯᠳᠤᠭᠤᠯᠤᠨ ︽ | ᠬᠤᠶᠠᠷ ᠢ ᠴᠣᠭᠴᠠᠯᠠᠨ ᠪᠠᠶᠢᠭᠤᠯᠬᠤ︾ ᠢᠨᠵᠧᠨᠧᠷᠢᠩ ᠢ ᠦᠷᠭᠦᠯᠵᠢᠯᠡᠨ ᠴᠢᠩᠭ᠎ᠠ ᠠᠳᠬᠤᠵᠤ᠂ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠹᠷᠣᠨᠲ ᠤᠨ ᠡᠯ᠎ᠡ ᠨᠢᠭᠡᠴᠡ ᠲᠠᠢ ᠬᠠᠮᠲᠤᠷᠠᠨ ᠨᠢᠭᠡ ᠪᠦᠯᠦᠭ ᠳᠤᠯᠠᠭᠠᠴᠠ ᠲᠠᠢ᠂ ᠭᠦᠨᠴᠡ ᠲᠠᠢ᠂ | ᠠᠩᠬᠠᠷᠤᠯ ᠲᠠᠢ ᠰᠣᠳᠣᠨ ᠪᠦᠲᠦᠭᠡᠯ ᠢ ᠪᠦᠳᠤᠭᠡᠬᠦ ᠬᠡᠷᠡᠭᠳᠠᠢ ᠭᠡᠪᠡ᠃ | | | | | ᠶᠣᠣ ᠼᠠᠢ ᠶᠠᠨ ᠴᠢᠬᠤᠯᠠᠴᠢᠯᠠᠭᠰᠠᠨ ᠨᠢ᠂ ᠪᠡᠶ᠎ᠡ ᠪᠠᠷ ᠢᠶᠠᠨ ᠬᠡᠪ ᠲᠦᠷᠢᠮ ᠪᠤᠯᠵᠦ ᠴᠢᠷᠮᠠᠶᠢᠨ ᠬᠡᠷᠡᠭᠵᠢᠭᠦᠯᠬᠦ | ᠲᠠᠯ᠎ᠠ ᠪᠠᠷ ᠪᠥᠬᠦ ᠬᠤᠰᠢᠭᠤᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ | ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ ᠠᠳᠬᠤᠨ ᠠᠪᠴᠤ᠂ ᠠᠵᠠ ᠲᠣᠬᠢᠶᠠᠯ ᠢ ᠨᠠᠨᠳᠢᠩᠨᠠᠨ᠂ ᠠᠵᠠ | ᠲᠣᠬᠢᠶᠠᠯ ᠢ ᠡᠭᠦᠳᠴᠦ᠂ ︽ᠴᠠᠬᠢᠯᠭᠠᠨ ᠴᠡᠨᠡᠭᠯᠡᠵᠦ ᠡᠨᠧᠷᠭᠢ ᠬᠠᠳᠠᠭᠠᠯᠠᠬᠤ︾ ᠡᠷᠴᠢ ᠵᠣᠷᠢᠭ ᠢᠶᠠᠨ ᠰᠤᠯᠠᠷᠠᠭᠤᠯᠤᠯ | ᠦᠭᠡᠢ ᠪᠠᠷᠢᠮᠲᠠᠯᠠᠵᠤ᠂ ᠤᠨᠤᠯ᠂ ᠦᠢᠯᠡᠳᠦᠯᠭᠡ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠲᠤᠯᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠢᠮᠠᠭᠲᠠ ᠪᠠᠲᠤ | ᠴᠡᠭᠡᠵᠢᠯᠡᠵᠦ᠂ ︽ᠣᠨᠣᠯ ᠤᠨ ᠰᠤᠷᠤᠯᠴᠠᠯᠭ᠎ᠠ ᠶᠢᠨ ᠲᠠᠯ᠎ᠠ ᠪᠠᠷ ᠣᠯᠣᠯᠲᠠ ᠲᠠᠢ᠂ ᠦᠵᠡᠯ ᠰᠠᠨᠠᠭ᠎ᠠ ᠤᠯᠤᠰ ᠲᠥᠷᠥ | ᠶᠢᠨ ᠲᠠᠯ᠎ᠠ ᠪᠠᠷ ᠤᠬᠢᠶᠠᠯ ᠬᠦᠷᠲᠡᠭᠡᠵᠦ᠂ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠬᠤ ᠲᠠᠯ᠎ᠠ ᠪᠠᠷ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠬᠦ ᠲᠠᠯ᠎ᠠ ᠪᠠᠷ ᠦᠯᠢᠭᠡᠷ ᠳᠠᠭᠤᠷᠢᠶᠠᠯ | ᠪᠣᠯᠬᠤ︾ ᠪᠣᠳᠠᠲᠠᠢ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠳᠤ ᠰᠠᠶᠢᠨ | ᠡᠬᠢᠯᠡᠯᠲᠡ ᠲᠠᠢ᠂ ᠰᠠᠶᠢᠨ ᠠᠯᠬᠤᠮ ᠲᠠᠢ ᠪᠠᠶᠢᠵᠤ᠂ ᠪᠥᠬᠦ ᠬᠤᠰᠢᠭᠤᠨ ᠤ ᠠᠷᠠᠳ ᠲᠦᠮᠡᠨ ᠳᠦᠷᠢᠮ ᠭᠤᠷᠢᠮ ᠲᠠᠢ᠂ | ᠬᠤᠷᠢᠭ᠎ᠠ ᠱᠤᠭᠤᠮ ᠲᠠᠢ᠂ ᠺᠠᠳ᠋ᠷᠴᠤᠳ ᠠᠮᠵᠢᠯᠲᠠ ᠪᠦᠲᠦᠭᠡᠯ ᠲᠠᠢ᠂ ᠡᠷᠴᠢ ᠵᠤᠷᠢᠭ ᠲᠠᠢ᠂ ᠰᠣᠶᠣᠯ ᠤᠨ ᠲᠠᠯ᠎ᠠ ᠪᠠᠷ | ᠴᠤᠭ ᠵᠢᠪᠬᠤᠭ᠎ᠠ ᠲᠠᠢ᠂ ᠭᠦᠨ ᠠᠭᠤᠯᠬᠤᠨ ᠲᠠᠢ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠥᠬᠦ ᠬᠤᠰᠢᠭᠤᠨ ᠤ | ᠤᠳᠤᠬᠢᠴᠢᠯᠠᠭᠰᠠᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠦᠵᠡᠯ ᠰᠠᠨᠠᠭ᠎ᠠ | ᠤᠯᠤᠰ ᠲᠥᠷᠥ ᠶᠢᠨ ᠪᠠᠲᠤᠯᠠᠭ᠎ᠠ ᠬᠠᠩᠭᠠᠨ᠎ᠠ ᠭᠡᠪᠡ᠃ | |