ᠵᠠᠷᠤᠳ ᠬᠤᠰᠢᠭᠤ᠄ ᠲᠤᠭ᠎ᠠ ᠪᠠ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠦᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/1/28
        2022 ᠣᠨ ᠳᠤ᠂ ᠪᠥᠬᠦ ᠬᠤᠰᠢᠭᠤᠨ ᠤ ᠰᠢᠨ᠎ᠡ ᠪᠠᠷ ᠣᠷᠣᠭᠤᠯᠤᠭᠰᠠᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 68 ᠪᠠᠶᠢᠵᠤ᠂ 277.8% ᠨᠡᠮᠡᠭᠳᠡᠵᠦ᠂ 28.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ 43.3% ᠨᠡᠮᠡᠭᠳᠡᠪᠡ︔ 38 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 35.7% ᠨᠡᠮᠡᠭᠳᠡᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠨᠢ ᠦᠷ᠎ᠡ ᠪᠦᠲᠦᠮᠵᠢ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠴᠥᠮ ᠰᠢᠨ᠎ᠡ ᠲᠡᠮᠳᠡᠭᠯᠡᠯ ᠢ ᠡᠭᠦᠳᠪᠡ᠃ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠤᠯᠠᠨ ᠲᠠᠯ᠎ᠠ ᠠᠴᠠ ᠬᠦᠴᠦ ᠲᠠᠯᠪᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠳᠤ ᠳ᠋ᠦᠩᠰᠢᠭᠤᠷ ᠭᠠᠷᠤᠢ ᠲᠥᠭᠦᠷᠢᠭ ᠢ ᠳᠠᠪᠠᠵᠤ᠂ ᠨᠡᠶᠢᠳᠡᠮ ᠬᠠᠷᠠᠭᠠᠯᠵᠠᠯ ᠦᠵᠡᠭᠦᠯᠬᠦ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ 27 ᠳ᠋ᠦᠩᠰᠢᠭᠤᠷ ᠲᠥᠭᠦᠷᠢᠭ ᠲᠠᠷᠬᠠᠭᠠᠵᠤ᠂ 5774 ᠡᠷᠤᠭᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠰᠢᠨ᠎ᠡ ᠪᠠᠷ ᠨᠡᠮᠡᠭᠳᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号