ᠵᠠᠷᠤᠳ ᠬᠤᠰᠢᠭᠤ᠄ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠭᠡᠪᠡ
ᠨᠡᠶᠢᠲᠡᠯᠡᠭᠰᠡᠨ ᠴᠠᠭ᠄
2023/1/28
      2022 ᠣᠨ ᠳᠤ᠂ ᠪᠦᠭᠦ ᠬᠤᠰᠢᠭᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠨᠡᠮᠡᠭᠳᠡᠭᠦᠯᠪᠡ᠃ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ ᠬᠥᠳᠡᠭᠡ ᠲᠣᠰᠬᠤᠨ ᠤ ᠪᠡᠯᠡ ᠣᠷᠣᠭᠤᠯᠤᠯᠲᠠ᠂ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢ ᠰᠢᠨ᠎ᠡ ᠪᠠᠷ ᠪᠠᠶᠢᠭᠤᠯᠬᠤ ᠶᠢᠨ ᠬᠠᠮᠲᠤ ᠪᠣᠳᠠᠲᠠᠢ  ᠡᠵᠡᠩᠨᠡᠯᠲᠡ ᠳᠤ ᠣᠷᠣᠭᠤᠯᠪᠠ᠃ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ︽ᠴᠠᠬᠢᠯᠭᠠᠨ ᠢᠶᠠᠷ ᠤᠰᠤ ᠶᠢ ᠪᠣᠳᠣᠬᠤ︾ ᠲᠥᠰᠥᠯ ᠢ ᠨᠡᠶᠢᠲᠡᠯᠡᠵᠦ᠂ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ︔ ᠠᠵᠤ ᠠᠬᠤᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ᠂ ᠨᠡᠶᠢᠭᠡᠮ ᠤᠨ ᠪᠠᠶᠢᠭᠤᠯᠤᠯ ᠵᠡᠷᠭᠡ 72 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠲᠦᠯᠬᠢᠨ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ 618 ᠵᠦᠢᠯᠡᠰ ᠢ ︽ᠨᠢᠭᠡ ᠰᠦᠯᠵᠢᠶ᠎ᠡ ᠪᠠᠷ ᠭᠦᠢᠴᠡᠳᠬᠡᠬᠦ︾ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠳᠤ ᠣᠷᠣᠭᠤᠯᠵᠤ᠂ ︽ᠠᠳᠠᠯ ᠦᠢᠯᠡᠰ ᠪᠣᠰᠬᠠᠬᠤ ᠪᠤᠭᠴᠤ︾ ︽ᠭᠡᠷ ᠬᠥᠷᠥᠩᠭᠡ ᠶᠢᠨ ᠠᠷᠠᠯᠵᠢᠶ᠎ᠠ ᠶᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠶᠢ ᠡᠭᠦᠳᠴᠦ᠂ ᠭᠡᠷ ᠪᠠᠶᠢᠰᠢᠩ ᠤᠨ ᠦᠨᠡᠮᠯᠡᠯ ᠳᠠᠩᠰᠠᠯᠠᠬᠤ᠂ ᠠᠵᠤ ᠠᠬᠤᠶᠢᠯᠠᠯ ᠡᠷᠭᠢᠯᠡᠬᠦ ᠴᠠᠭ ᠢ ᠬᠠᠭᠠᠰ ᠠᠵᠢᠯ ᠤᠨ ᠡᠳᠦᠷ ᠪᠣᠯᠭᠠᠨ ᠪᠣᠭᠤᠨᠢᠰᠬᠠᠵᠤ᠂ 770 ᠵᠦᠢᠯ ᠤᠨ ᠥᠨᠳᠥᠷ ᠳᠠᠪᠲᠠᠮᠵᠢᠲᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠲᠤ ︽ᠬᠤᠷᠤᠭᠤᠨ ᠦᠵᠦᠭᠦᠷ ᠤᠨ ᠭᠦᠢᠴᠡᠳᠬᠡᠬᠦ︾ ᠶᠢ ᠪᠡᠶᠡᠯᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号