ᠵᠠᠷᠤᠳ ᠬᠤᠰᠢᠭᠤ᠄ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/1/28
    2022 ᠣᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ1104 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠴᠢᠨ ᠲᠠᠷᠢᠶᠠᠴᠢᠨ ᠢ 5.1 ᠲᠦᠮᠡᠨ ᠬᠦᠮᠦᠰ ᠰᠢᠯᠵᠢᠭᠦᠯᠦᠨ ᠠᠵᠢᠯ ᠣᠯᠭᠤᠵᠤ᠂ 2870 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ 380 ᠬᠥᠮᠥᠨ ᠠᠳᠠᠯ ᠦᠢᠯᠡᠰ ᠴᠣᠭᠴᠠᠯᠠᠬᠤ ᠶᠢ ᠲᠡᠳᠬᠦᠪᠡ᠃ᠮᠠᠯᠴᠢᠨ ᠲᠠᠷᠢᠶᠠᠴᠢᠨ ᠡᠷᠦᠬᠡ ᠳᠤ 12 ᠲᠦᠮᠡᠨ ᠲᠣᠨ ︽ᠳᠣᠯᠠᠭᠠᠯᠠᠯᠭ᠎ᠠ ᠶᠢᠨ ᠨᠡᠭᠦᠷᠡᠰᠦ︾ ᠨᠠᠶᠢᠳᠠᠪᠤᠷᠢᠵᠢᠭᠤᠯᠵᠤ᠂ 6 ᠲᠦᠮᠡ ᠭᠠᠷᠤᠢ ᠡᠷᠦᠬᠡ ᠳᠤ ᠠᠰᠢᠭ ᠬᠦᠷᠲᠡᠭᠡᠪᠡ᠃ 3.16 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠳᠡᠶᠢᠯᠵᠦ᠂ ᠡᠯ᠎ᠡ ᠲᠥᠷᠥᠯ ᠤᠨ ᠨᠥᠬᠦᠪᠦᠷᠢ ᠪᠡᠯᠡ ᠮᠥᠩᠭᠦ ᠶᠢ 1.5 ᠳ᠋ᠦᠩᠰᠢᠭᠤᠷ ᠲᠥᠭᠦᠷᠢᠭ ᠲᠠᠷᠬᠠᠭᠠᠵᠤ᠂ 3.8 ᠲᠦᠮᠡᠨ ᠬᠥᠮᠥᠨ ᠳᠤ ᠠᠰᠢᠭ ᠬᠦᠷᠲᠡᠭᠡᠪᠡ᠃   4 ᠣᠷᠣᠨ ᠰᠠᠭᠤᠴᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠦᠷᠳᠡᠭᠡ︶ ᠶᠢ ᠰᠢᠨ᠎ᠡ ᠪᠠᠷ ᠪᠠᠶᠢᠭᠤᠯᠵᠤ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠡᠳᠦᠷ ᠢᠷᠡᠬᠦᠶ᠎ᠡ ᠳᠡᠭᠦᠯᠳᠡᠷᠵᠢᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号