ᠵᠠᠷᠤᠳ ᠬᠤᠰᠢᠭᠤ᠄ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠵᠦ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠪᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2023/1/29
    2022 ᠣᠨ ᠳᠤ᠂ ᠪᠥᠬᠦ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠵᠦ᠂ ᠬᠤᠩᠬᠠᠲᠤ ᠠᠭᠤᠯᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠮᠥᠷᠭᠡ ᠶᠢᠨ ᠭᠤᠣᠯ ᠴᠣᠭᠴᠠ ᠶᠢᠨ ᠪᠠᠷᠢᠯᠭ᠎ᠠ᠂ ᠰᠡᠭᠦᠵᠢ ᠶᠢᠨ ᠳᠠᠪᠠᠭ᠎ᠠ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠪᠠᠷᠠᠭᠠᠨ ᠤ ᠲᠠᠯᠠᠪᠠᠶ᠂ ᠵᠢᠩ ᠯᠢ ᠨᠡᠭᠦᠷᠡᠰᠦᠨ ᠤ ᠬᠥᠮᠥᠷᠭᠡ ᠶᠢ ᠪᠠᠶᠢᠭᠤᠯᠤᠨ ᠳᠠᠭᠤᠰᠬᠠᠵᠤ᠂ ᠴᠢ ᠶᠦᠨ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠢ ᠬᠤᠳᠠᠯᠳᠤᠨ ᠣᠷᠣᠭᠤᠯᠪᠠ︔ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠬᠠᠮᠲᠤ ᠶᠢᠨ ᠬᠤᠷᠢᠮ ᠤᠨ ᠶᠣᠰᠣᠯᠠᠯ᠂ ᠪᠥᠬᠦ ᠤᠯᠤᠰ ᠤᠨ ᠬᠡᠷᠡᠯ ᠵᠢᠷᠤᠭ ᠤᠨ ᠦᠵᠡᠰᠬᠦᠯᠡᠩ ᠵᠡᠷᠭᠡ ᠰᠣᠶᠣᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ ᠂ 80 ᠲᠦᠮᠡ ᠰᠢᠬᠠᠮ ᠵᠣᠭᠠᠴᠠᠭᠰᠠᠳ ᠢ ᠭᠥᠯᠢᠶᠡᠨ ᠠᠪᠴᠤ᠂ ᠵᠣᠭᠠᠴᠠᠯ ᠤᠨ ᠶᠡᠷᠦᠩᠬᠡᠢ ᠣᠷᠣᠯᠭ᠎ᠠ 8 ᠳ᠋ᠦᠩᠰᠢᠭᠤᠷ ᠲᠥᠭᠦᠷᠢᠭ ᠢ ᠳᠠᠪᠠᠪᠠ︔13 ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠷᠦᠬᠡ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠪᠣᠯ ᠮᠢᠨᠤ ᠦᠯᠦᠭᠡᠢ ᠭᠡᠬᠦ ᠨᠠᠷᠠᠲᠤ ᠲᠠᠷᠢᠶᠠᠯᠠᠩ ᠤᠨ ᠪᠦᠲᠦᠭᠡᠭᠳᠡᠬᠦᠨ ᠤ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ︾ ᠶᠢᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 4 ᠳ᠋ᠦᠩᠰᠢᠭᠤᠷ ᠲᠥᠭᠦᠷᠢᠭ ᠢ ᠳᠠᠪᠠᠪᠠ︔ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢ ᠲᠠᠲᠠᠨ ᠣᠷᠣᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠬᠡᠮᠵᠢᠶ᠎ᠡ 93.7 ᠳ᠋ᠦᠩᠰᠢᠭᠤᠷ ᠲᠥᠭᠦᠷᠢᠭ ᠬᠦᠷᠴᠦ᠂ ᠬᠠᠳᠠᠭᠠᠯᠠᠮᠵᠢ ᠶᠢᠨ ᠬᠡᠮᠵᠢᠶ᠎ᠡ 117.9 ᠳ᠋ᠦᠩᠰᠢᠭᠤᠷ ᠲᠥᠭᠦᠷᠢᠭ ᠬᠥᠷᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号