ᠰᠢᠨ᠎ᠡ ᠨᠢᠭᠡ ᠵᠢᠯ ᠡᠬᠢᠯᠡᠨ᠂ ᠲᠦᠮᠡᠨ ᠪᠣᠳᠠᠰ ᠰᠢᠨᠡᠳᠦᠨ ᠠᠮᠢᠯᠠᠨ᠎ᠠ᠃ 1 ᠰᠠᠷ᠎ᠠ ᠶᠢᠨ 28 ᠤ ᠡᠳᠦᠷ᠂ | ᠪᠢᠯᠢᠭ ᠤᠨ ᠤᠯᠠᠷᠢᠯ ᠤᠨ ᠬᠠᠷᠠᠭᠴᠢᠨ ᠲᠠᠤᠯᠠᠢ ᠵᠢᠯ ᠤᠨ ᠠᠵᠢᠯ ᠳᠤ ᠭᠠᠷᠤᠭᠰᠠᠨ ᠠᠩᠬᠠᠨ ᠤ ᠡᠳᠦᠷ᠂ ᠵᠠᠷᠤᠳ | ᠬᠤᠰᠢᠭᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠠᠷᠢᠭᠤᠨ | ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠤᠷᠤᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠣᠳᠠᠲᠠᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠯᠢ ᠵᠢᠶᠧ ᠰᠢᠶᠠᠩ ᠤᠨ ᠬᠠᠤᠯᠢ ᠰᠠᠬᠢᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠵᠢᠱᠢᠶ᠎ᠡ ᠪᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠤᠯᠤᠰ ᠲᠥᠷᠥ ᠶᠢᠨ ᠠᠮᠢ ᠠᠬᠤᠢ ᠶᠢ | ᠡᠷᠡᠰ ᠴᠡᠪᠡᠷᠰᠢᠭᠦᠯᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠠᠷ ᠲᠠᠮᠵᠢᠨ᠂ ᠬᠥᠭᠵᠢᠯᠲᠡ ᠶᠢᠨ ᠨᠡᠶᠢᠯᠡᠮᠡᠯ | ᠬᠦᠴᠦᠨ ᠢᠶᠠᠨ ᠨᠢᠭᠳᠠᠷᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠪᠠᠷ ᠪᠤᠢ᠃ | | | | | ᠱᠣᠣ ᠶᠠᠨ ᠵᠢᠶᠦ᠋ᠨ᠂ ᠪᠦᠦ ᠸᠧᠨ ᠯᠠᠨ᠂ ᠦ᠋ ᠴᠢᠩ ᠬᠠᠢ᠂ ᠯᠢᠦ ᠶᠦᠩ ᠵᠡᠷᠭᠡ ᠳᠥᠷᠪᠡᠨ ᠶᠡᠭᠡ ᠪᠠᠭ ᠤᠨ | ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠳᠡᠳ᠋ | ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠨᠡᠶᠢᠲᠡ 600 ᠭᠠᠷᠤᠢ ᠬᠥᠮᠥᠨ ᠬᠤᠷᠠᠯ ᠳᠤ ᠤᠷᠤᠯᠴᠠᠪᠠ᠃ ᠬᠤᠰᠢᠭᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠬᠦ ᠶᠢᠨ ᠲᠣᠭᠤᠷᠢᠨ ᠳᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠪᠠᠶᠢᠳᠠᠯ | ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ︔ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ | ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠪᠠᠶᠢᠭᠤᠯᠬᠤ︔ ᠠᠵᠢᠯ ᠤᠨ | ᠰᠤᠷᠲᠠᠯ ᠢᠶᠠᠨ ᠰᠠᠶᠢᠵᠢᠷᠠᠭᠤᠯᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ | ︔ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠬᠦ ᠵᠡᠷᠭᠡ ᠲᠦᠷᠪᠡᠨ ᠲᠠᠯ᠎ᠠ ᠪᠠᠷ ᠬᠤᠷᠠᠯ ᠳᠤ ᠣᠷᠣᠯᠴᠠᠭᠰᠠᠳ ᠲᠤ ᠭᠦᠨ ᠰᠡᠳᠬᠢᠭᠦᠰᠢᠲᠡᠢ᠂ | ᠠᠮᠢᠳᠤ ᠲᠦᠷᠰᠦᠯᠢᠭ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠤᠷᠤᠪᠠ᠃ | | | | | ᠱᠣᠣ ᠶᠠᠨ ᠵᠢᠶᠦ᠋ᠨ ᠵᠢᠭᠠᠵᠤ ᠭᠠᠷᠭᠠᠭᠰᠠᠨ ᠨᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ | ᠡᠭᠦᠷᠢᠳᠡ ᠶᠢᠨ ᠴᠠᠭ ᠦᠶ᠎ᠡ ᠶᠢᠨ ᠰᠡᠳᠦᠪ ᠮᠥᠨ᠂ ᠪᠠᠰᠠ ᠴᠤ ᠪᠦᠭᠦ ᠬᠤᠰᠢᠭᠤᠨ ᠤ ᠡᠯ᠎ᠡ ᠵᠦᠢᠯ ᠤᠨ ᠠᠵᠢᠯ | ᠦᠢᠯᠡᠰ ᠤᠨ ᠤᠷᠤᠭᠰᠢᠲᠠᠢ ᠬᠥᠭᠵᠢᠬᠦ ᠶᠢ ᠪᠠᠲᠤᠯᠠᠬᠤ ᠤᠯᠤᠰ ᠲᠦᠷᠦ ᠶᠢᠨ ᠪᠠᠲᠤᠯᠠᠭ᠎ᠠ ᠮᠥᠨ᠃ ᠪᠥᠬᠦ | ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠥᠰᠥ | ᠵᠣᠷᠢᠭ᠂ ᠡᠭᠦᠷᠢᠳᠡ ᠤᠷᠤᠭᠰᠢᠯᠠᠬᠤ ᠬᠠᠲᠠᠨ ᠵᠣᠷᠢᠭ ᠢᠶᠠᠷ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ | ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠠᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠬᠠᠮᠰᠠᠷ ᠠᠴᠠ ᠪᠠᠨ | ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ | ︽ᠪᠠᠴᠢᠮᠳᠠᠵᠦ ᠬᠦᠴᠢᠷᠳᠡᠵᠦ ᠪᠡᠷᠭᠡᠳᠡᠵᠦ ᠬᠦᠰᠡᠵᠦ︾ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠤᠯᠤᠰ ᠲᠦᠷᠦ ᠶᠢᠨ ᠬᠢᠨᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠺᠠᠳ᠋ᠷ ᠤᠨ ᠬᠥᠮᠦᠵᠢᠯ ᠬᠠᠮᠢᠶᠠᠷᠤᠯᠲᠠ ᠪᠠᠨ | ᠴᠢᠩᠭᠠᠳᠬᠠᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠤᠯᠢ | ᠲᠣᠭᠲᠠᠭᠠᠯ ᠪᠠ ᠵᠠᠰᠠᠭ ᠪᠠᠷᠢᠬᠤ ᠶᠣᠰᠣ ᠮᠣᠷᠠᠯ ᠤᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ | ᠶᠠᠪᠤᠳᠠᠯ ᠬᠢᠬᠦ ᠶᠢ ᠵᠤᠷᠢᠭᠵᠢᠭᠤᠯᠵᠦ᠂ ᠠᠯᠳᠠᠭ᠎ᠠ ᠪᠤᠷᠤᠭᠤ ᠶᠢ ᠨᠢ ᠠᠭᠤᠴᠢᠯᠠᠨ ᠪᠠᠭᠳᠠᠭᠠᠬᠤ ᠵᠠᠯᠠᠷᠠᠭᠤᠯᠬᠤ ᠲᠤᠬᠠᠢ | ᠰᠠᠨᠠᠯ ᠪᠠ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ | ᠬᠢᠨᠠᠯᠲᠠ ᠪᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ | ᠭᠤᠣᠯᠳᠠᠯᠭ᠎ᠠ ᠪᠣᠯᠭᠠᠨ᠂ ᠠᠵᠢᠯ ᠤᠨ ᠰᠤᠷᠲᠠᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ | ᠭᠡᠷ ᠢᠶᠠᠨ ᠵᠠᠰᠠᠬᠤ ᠶᠢ ᠴᠢᠬᠤᠯᠠᠴᠢᠯᠠᠵᠤ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠰᠤᠷᠲᠠᠯ ᠪᠠ ᠨᠡᠶᠢᠭᠡᠮ ᠤᠨ ᠬᠡᠪ ᠰᠤᠷᠲᠠᠯ ᠤᠨ | ᠤᠯᠠᠮ ᠨᠢᠭᠡ ᠠᠯᠬᠤᠮ ᠰᠠᠶᠢᠵᠢᠷᠠᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠱᠤᠤ ᠶᠠᠨ ᠵᠢᠶᠦ᠋ᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ | ᠢᠳᠡᠪᠬᠢᠲᠡᠢ ᠪᠠᠷ ᠥᠭᠡᠳᠡᠯᠡᠨ ᠲᠠᠪᠰᠢᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠲᠦᠩᠯᠢᠶᠣᠣ | ᠬᠤᠳᠠ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠳᠠᠭᠠᠭᠤᠯᠤᠭᠴᠢ︾ | ᠪᠤᠯᠬᠤ ᠪᠠᠷ ᠴᠢᠷᠮᠠᠶᠢᠬᠤ ᠬᠡᠷᠡᠭᠲᠡᠢ︔ ︽ᠲᠦᠷᠭᠡᠨ ᠬᠥᠭᠵᠢᠭᠦᠯᠵᠦ᠂ ᠶᠡᠭᠡ ᠪᠠᠷ ᠬᠥᠭᠵᠢᠭᠦᠯᠬᠦ︾ ᠦᠵᠡᠯ ᠤᠬᠠᠮᠰᠠᠷ ᠢ | ᠪᠤᠢ ᠪᠤᠯᠭᠠᠵᠦ᠂ ᠥᠪᠡᠷ ᠢ ᠪᠠᠨ ᠰᠠᠶᠢᠨ ᠭᠡᠵᠦ ᠪᠤᠳᠤᠭᠠᠳ ᠴᠠᠭ ᠲᠣᠬᠢᠶᠠᠯ ᠢ ᠠᠯᠳᠠᠵᠤ ᠶᠠᠭᠠᠬᠢᠭᠰᠠᠨ ᠴᠤ ᠪᠣᠯᠬᠤ | ᠦᠭᠡᠢ︔ ᠦᠷ᠎ᠡ ᠳ᠋ᠦᠩ ᠢ ᠴᠢᠬᠤᠯᠠᠴᠢᠯᠠᠬᠤ ᠪᠠᠷ ᠤᠳᠤᠷᠢᠳᠤᠮᠵᠢ ᠪᠣᠯᠭᠠᠵᠤ᠂ ᠦᠷ᠎ᠡ ᠪᠦᠲᠦᠭᠡᠯ ᠤᠨ ᠤᠬᠠᠮᠰᠠᠷ᠂ | ᠦᠷ᠎ᠡ ᠳ᠋ᠦᠩ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠪᠣᠳᠠᠲᠤ ᠠᠮᠵᠢᠯᠲᠠ ᠪᠠᠷ ᠪᠠᠭᠠᠲᠤᠷᠴᠤᠳ ᠢ | ᠦᠨᠡᠯᠡᠬᠦ ᠬᠡᠷᠡᠭᠲᠡᠢ︔ ᠵᠠᠮ ᠨᠡᠭᠡᠭᠡᠨ ᠰᠢᠨ᠎ᠡ ᠶᠢ ᠡᠭᠦᠳᠬᠦ ᠰᠤᠷᠲᠠᠯ ᠢ ᠪᠤᠢ ᠪᠣᠯᠭᠠᠵᠤ᠂ ᠰᠢᠨ᠎ᠡ ᠣᠶᠢᠯᠠᠭᠠᠭᠳᠠᠬᠤᠨ᠂ | ᠰᠢᠨ᠎ᠡ ᠰᠡᠳᠬᠢᠴᠡ᠂ ᠰᠢᠨ᠎ᠡ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠪᠦᠬᠦ ᠲᠠᠯ᠎ᠠ ᠶᠢᠨ | ᠠᠯᠤᠰ ᠬᠡᠳᠦ ᠶᠢᠨ ᠰᠡᠳᠬᠢᠬᠦᠢ ᠶᠢ ᠪᠤᠢ ᠪᠣᠯᠭᠠᠵᠤ᠂ ᠨᠢᠳᠦᠨ ᠡᠮᠦᠨᠡᠬᠢ ᠳᠠᠩᠰᠠ ᠶᠢ ᠪᠤᠳᠤᠬᠤ ᠮᠥᠷᠲᠡᠭᠡᠨ ᠪᠠᠰᠠ | ᠠᠯᠤᠰ ᠬᠡᠳᠦ ᠶᠢᠨ ᠳᠠᠩᠰᠠ᠂ ᠪᠦᠬᠦᠯᠢ ᠴᠣᠭᠴᠠ ᠶᠢᠨ ᠳᠠᠩᠰᠠ᠂ ᠶᠡᠷᠦᠩᠬᠡᠶᠢᠯᠡᠭᠰᠡᠨ ᠳᠠᠩᠰᠠ ᠶᠢ ᠪᠤᠳᠤᠵᠤ᠂ | ᠬᠥᠭᠵᠢᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠨᠢᠭᠲᠠ ᠠᠴᠠ | ᠨᠢᠭᠲᠠ ᠪᠠᠶᠢᠬᠤ ᠰᠤᠷᠲᠠᠯ ᠢ ᠪᠤᠢ ᠪᠣᠯᠭᠠᠵᠤ᠂ ᠨᠢᠮᠪᠠᠢ ᠬᠢᠬᠦ ᠳᠤᠮᠳᠠ ᠪᠠᠨ ᠨᠠᠷᠢᠯᠢᠭ ᠬᠢᠵᠦ᠂ ᠬᠠᠮᠤᠭ ᠰᠠᠶᠢᠨ ᠢ | ᠬᠥᠭᠡᠭᠡᠴᠡᠯᠳᠦᠬᠦ ᠬᠡᠷᠡᠭᠲᠡᠢ︔ ᠡᠵᠡᠩᠨᠡᠬᠦ ᠳᠡᠭᠡᠨ ᠴᠢᠳᠠᠮᠠᠭᠠᠢ ᠪᠠᠶᠢᠬᠤ ᠦᠵᠡᠯᠲᠡ ᠶᠢ ᠪᠤᠢ ᠪᠣᠯᠭᠠᠵᠤ᠂ ᠡᠬᠢ | ᠪᠠᠶᠠᠯᠢᠭ ᠤᠨ ᠦᠷᠳᠡᠭ ᠨᠡᠮᠡᠭᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ | ᠬᠥᠭᠵᠢᠯᠲᠡ ᠶᠢ ᠨᠡᠩ ᠰᠠᠶᠢᠨ ᠲᠠᠶᠢᠴᠢᠯᠠᠬᠤ ᠬᠡᠷᠡᠭᠳᠠᠢ ᠭᠡᠵᠦ ᠴᠢᠩᠭᠠᠳᠬᠠᠪᠠ᠃ | ᠱᠤᠤ ᠶᠠᠨ ᠵᠢᠶᠦ᠋ᠨ᠂ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠲᠦᠷᠦᠯ ᠵᠦᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠥᠷᠳᠡᠨ ᠠᠬᠢᠭᠤᠯᠬᠤ ᠪᠠ ᠨᠡᠪᠳᠡᠷᠡᠯᠴᠡᠨ ᠵᠣᠬᠢᠴᠠᠭᠤᠯᠬᠤ ᠪᠠᠨ | ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠢ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠬᠦ ᠬᠡᠷᠡᠭᠲᠡᠢ︔ ︽ᠠᠷᠪᠠᠨ ᠠᠵᠤ ᠦᠢᠯᠡᠰ︾ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠢ | ᠱᠠᠭᠠᠷᠳᠠᠨ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠲᠤᠭᠳᠠᠯᠭᠠᠵᠦ | ᠂ ᠪᠥᠬᠦ ᠬᠤᠰᠢᠭᠤᠨ ᠳᠤ ᠲᠥᠷᠥᠯ ᠵᠦᠢᠯ ᠢ ᠶᠡᠭᠡ ᠪᠠᠷ ᠠᠳᠬᠤᠬᠤ᠂ ᠲᠣᠮᠣ ᠲᠥᠷᠥᠯ ᠵᠦᠢᠯ ᠢ ᠠᠳᠬᠤᠬᠤ | ᠠᠵᠢᠯ ᠤᠨ ᠤᠳᠤᠷᠢᠳᠤᠮᠵᠢ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠢ︔ ᠠᠷᠠᠯᠵᠢᠶᠠᠴᠢᠨ ᠤᠷᠢᠵᠤ ᠪᠡᠯᠡ | ᠲᠠᠳᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠳᠠᠭᠰᠢ ᠭᠠᠷᠬᠤ᠂ ᠣᠷᠣᠭᠤᠯᠵᠤ | ᠠᠪᠴᠢᠷᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠪᠥᠬᠦ ᠵᠢᠯ ᠳᠤ ᠲᠠᠳᠠᠨ ᠣᠷᠣᠭᠤᠯᠵᠤ ᠭᠡᠷ᠎ᠡ ᠲᠣᠭᠲᠠᠭᠰᠠᠨ | ᠲᠥᠷᠥᠯ ᠵᠦᠢᠯ ᠢ 55 ᠠᠴᠠ ᠳᠡᠭᠡᠭᠰᠢ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠢ︔ ᠡᠮᠦᠨᠡᠬᠢ ᠬᠤᠭᠤᠴᠠᠭᠠᠨ ᠤ | ᠭᠠᠷᠳᠠᠮ ᠭᠦᠢᠴᠡᠳᠬᠡᠬᠦ ᠠᠵᠢᠯ ᠢ ᠲᠦᠷᠭᠡᠳᠬᠡᠵᠦ᠂ ᠡᠨᠡ ᠵᠢᠯ ᠨᠢᠭᠡ ᠪᠦᠯᠦᠭ ᠠᠷᠠᠯᠵᠢᠶᠠᠴᠢᠨ ᠤᠷᠢᠵᠤ ᠪᠡᠯᠡ | ᠲᠠᠳᠠᠭᠰᠠᠨ ᠲᠦᠷᠦᠯ ᠵᠦᠢᠯ ᠢ ᠪᠣᠳᠠᠲᠠᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠵᠤ᠂ ᠪᠡᠯᠡ ᠮᠥᠩᠭᠦ ᠶᠢ | ᠪᠣᠳᠠᠲᠠᠶᠢᠵᠢᠭᠤᠯᠬᠤ ᠨᠤᠷᠮ᠎ᠠ ᠪᠣᠯᠣᠨ ᠲᠦᠷᠦᠯ ᠵᠦᠢᠯ ᠤᠨ ᠠᠰᠢᠭᠯᠠᠯᠲᠠ ᠳᠤ ᠣᠷᠣᠭᠤᠯᠬᠤ ᠨᠤᠷᠮ᠎ᠠ ᠶᠢ ᠪᠦᠲᠦᠮᠵᠢᠲᠡᠢ | ᠳᠡᠭᠡᠭᠰᠢᠯᠡᠭᠦᠯᠬᠦ ᠬᠡᠷᠡᠭᠲᠡᠢ︔ ᠲᠥᠷᠥᠯ ᠵᠦᠢᠯ ᠲᠣᠭᠲᠠᠭᠠᠵᠤ ᠪᠡᠯᠡ ᠮᠥᠩᠭᠦ ᠤᠯᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠤᠨ᠂ ᠰᠠᠨᠠᠭᠠᠴᠢᠯᠠᠭ᠎ᠠ | ᠠᠴᠠ ᠪᠠᠨ ᠨᠢᠭᠡ ᠪᠦᠯᠦᠭ ᠬᠡᠪᠴᠢᠶ᠎ᠡ ᠲᠠᠢ᠂ ᠲᠠᠰ ᠳᠡᠪᠰᠢᠭᠰᠡᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠰᠠᠶᠢᠨ | ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠳᠤ | ᠮᠡᠳᠡᠬᠦᠯᠬᠦ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠡᠭᠦᠳᠡᠭ ᠲᠦᠭᠦᠷᠡᠩ ᠬᠠᠯᠠᠭᠤᠨ ᠰᠡᠳᠬᠢᠯᠭᠡ︾ ᠪᠠᠷ | ᠠᠵᠢᠯ ᠬᠢᠵᠦ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠠᠩᠬᠠᠨ ᠤ ᠤᠯᠠᠷᠢᠯ ᠤᠨ ᠰᠠᠶᠢᠨ | ᠡᠬᠢᠯᠡᠯᠲᠡ ᠲᠠᠢ᠂ ᠲᠣᠭᠲᠠᠭᠤᠨ ᠪᠣᠯᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ 2022 ᠣᠨ ᠤ | ᠪᠥᠬᠦ ᠬᠤᠰᠢᠭᠤᠨ ᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠪᠠ︔ ᠬᠤᠷᠠᠯ ᠳᠤ ᠣᠷᠣᠯᠴᠠᠭᠰᠠᠳ | ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠴᠡᠭᠡᠷᠯᠡᠯ ᠪᠠ ᠰᠡᠭᠡᠭᠡᠷᠡᠯ︾ ᠢ ᠦᠵᠡᠪᠡ᠃ | |