2022 ᠣᠨ ᠳᠤ᠂ ᠪᠦᠭᠦ ᠬᠤᠰᠢᠭᠤᠨ ᠤ ᠣᠷᠴᠢᠯ ᠠᠵᠤ ᠠᠬᠤᠢ ᠶᠢᠨ 20 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ᠂ ᠡᠾᠦ᠋ᠸᠧ ᠮᠧᠶ ᠬᠤᠩ ᠵᠢᠶᠦ᠋ᠨ ᠤ ᠢᠯᠴᠢ ᠴᠠᠬᠢᠯᠭᠠᠨ ᠤ ᠥᠭᠡᠷᠡᠴᠢᠯᠡᠯᠲᠡ ᠶᠢᠨ | 15 ᠲᠦᠮᠡᠨ ᠺᠢᠯᠣᠸᠠᠲ ᠤᠨ ᠬᠡᠷᠡᠯ ᠴᠠᠬᠢᠯᠭᠠᠨ ᠤ ᠲᠦᠷᠤᠯ ᠵᠦᠢᠯ ᠢ ᠪᠠᠶᠢᠭᠤᠯᠤᠨ ᠳᠠᠭᠤᠰᠬᠠᠵᠤ᠂ ᠲᠣᠣᠷ | ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 30 ᠲᠦᠮᠡᠨ | ᠺᠢᠯᠣᠸᠠᠲ ᠰᠢᠨ᠎ᠡ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠶᠢ 176 ᠲᠦᠮᠡᠨ ᠺᠢᠯᠣᠸᠠᠲ ᠬᠦᠷᠪᠡ᠃ ᠴᠤᠤ ᠶᠢᠨ | 500 ᠲᠣᠨ ᠤ ᠪᠤᠮ ᠴᠢᠯᠠᠭᠤ ᠶᠢᠨ ᠠᠵᠤ ᠦᠢᠯᠡᠰᠵᠢᠯᠲᠡ ᠶᠢᠨ ᠲᠦᠷᠦᠯ ᠵᠦᠢᠯ ᠢ ᠪᠠᠶᠢᠭᠤᠯᠤᠨ ᠬᠡᠷᠡᠭᠵᠢᠭᠦᠯᠵᠦ᠂ | ᠲᠢᠶᠠᠨ ᠱᠦᠸᠧ ᠬᠥᠩᠭᠡᠨ ᠴᠠᠭᠠᠨ ᠤ ᠬᠠᠶᠢᠯᠤᠰᠢ ᠴᠢᠳᠬᠤᠨ ᠦᠢᠯᠡᠳᠬᠦ ᠲᠦᠷᠦᠯ ᠵᠦᠢᠯ ᠤᠨ ᠮᠡᠷᠭᠡᠵᠢᠯ ᠤᠨ | ᠥᠭᠡᠷᠡᠴᠢᠯᠡᠯᠲᠡ ᠶᠢ ᠪᠡᠶᠡᠯᠡᠭᠦᠯᠪᠡ︔ ᠲᠢᠶᠠᠨ ᠹᠦ᠋ ᠬᠥᠩᠭᠡᠨ ᠴᠠᠭᠠᠨ ᠤ ᠦᠨᠡᠰᠤ ᠰᠢᠭᠠᠷᠤ ᠶᠢ ᠰᠢᠢᠳᠪᠦᠷᠢᠯᠡᠬᠦ᠂ ᠷᠦᠨ | ᠯᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠢ | ᠲᠤᠷᠰᠢᠨ ᠦᠢᠯᠡᠳᠪᠦᠷᠢᠯᠡᠵᠦ᠂ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠬᠠᠶᠠᠭᠳᠠᠮᠠᠯ ᠡᠬᠢ ᠪᠠᠶᠠᠯᠢᠭ ᠢ ᠳᠠᠬᠢᠨ | ᠠᠰᠢᠭᠯᠠᠬᠤ ᠶᠢ ᠪᠡᠶᠡᠯᠡᠭᠦᠯᠪᠡ᠃ ᠴᠧᠩ ᠷᠦᠨ ᠡᠨᠧᠷᠭᠢ ᠶᠢᠨ ᠰᠤᠷᠪᠤᠯᠵᠢ ᠡᠷᠦᠳᠡᠰᠦ ᠶᠢᠨ ᠲᠣᠰᠣ ᠶᠢ ᠲᠠᠬᠢᠨ | ᠠᠰᠢᠭᠯᠠᠬᠤ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠮᠤᠰᠢᠭᠠᠢ ᠲᠠᠪᠠᠭ᠎ᠠ | ᠮᠦᠩᠬᠦ ᠬᠠᠷ᠎ᠠ ᠲᠤᠭᠤᠯᠭ᠎ᠠ ᠴᠠᠶᠢᠷ ᠵᠡᠰ ᠤᠨ ᠠᠭᠤᠷᠬᠠᠢ ᠶᠢᠨ ᠬᠠᠶᠢᠨ ᠰᠢᠨᠵᠢᠯᠡᠯᠲᠡ ᠶᠢ ᠪᠡᠶᠡᠯᠡᠭᠦᠯᠵᠦ᠂ ᠹᠦ᠋ ᠢᠦᠢ | ᠲᠦᠨ ᠲᠣᠰᠬᠤᠨ ᠤ ᠭᠤᠣᠯᠢᠩ ᠰᠢᠷᠣᠢ ᠬᠠᠶᠢᠯᠤᠭᠤᠷ ᠵᠤᠩᠰᠢ ᠶᠢᠨ 5 ᠲᠦᠮᠡᠨ ᠲᠣᠨ ᠬᠦᠳᠡᠷ ᠬᠡᠮᠬᠡᠯᠡᠬᠦ ᠲᠦᠷᠦᠯ | ᠵᠦᠢᠯ ᠤᠨ ᠤᠶᠢᠯᠡᠳᠪᠤᠷᠢ ᠶᠢᠨ ᠲᠠᠰᠤᠭ᠂ ᠦᠯᠡᠳᠡᠭᠳᠡᠯ ᠬᠦᠳᠡᠷ ᠤᠨ ᠰᠢᠭᠠᠷᠤ ᠶᠢᠨ ᠬᠥᠮᠥᠷᠭᠡ ᠶᠢᠨ ᠪᠠᠷᠢᠯᠭ᠎ᠠ ᠶᠢᠨ | ᠠᠵᠢᠯ ᠢ ᠳᠠᠭᠤᠰᠬᠠᠪᠠ᠃ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠢ 2 ᠰᠢᠨ᠎ᠡ ᠪᠠᠷ ᠨᠡᠮᠡᠭᠳᠡᠭᠦᠯᠵᠦ᠂ | ᠨᠡᠭᠦᠷᠡᠰᠦᠨ ᠤ ᠭᠠᠷᠤᠯᠲᠠ ᠶᠢ 1800 ᠲᠦᠮᠡᠨ ᠲᠣᠨ ᠳᠤ ᠲᠣᠭᠲᠠᠪᠤᠷᠢᠵᠢᠭᠤᠯᠵᠤ᠂ ᠬᠥᠩᠭᠡᠨ ᠴᠠᠭᠠᠨ ᠤ ᠵᠠᠯᠭᠠᠮᠵᠢ | ᠠᠵᠦ ᠤᠶᠢᠯᠡᠰ ᠤᠨ ᠤᠶᠢᠯᠡᠳᠪᠤᠷᠢᠯᠡᠯ ᠤᠨ ᠬᠡᠮᠵᠢᠶ᠎ᠡ 70 ᠲᠦᠮᠡᠨ ᠲᠣᠨ ᠲᠠᠪᠠᠵᠦ᠂ ᠪᠥᠬᠦ ᠵᠢᠯ ᠤᠨ ᠴᠠᠬᠢᠯᠭᠠᠨ | ᠭᠠᠷᠭᠠᠬᠤ ᠬᠡᠮᠵᠢᠶ᠎ᠡ 89 ᠳ᠋ᠦᠩᠰᠢᠭᠤᠷ ᠭᠷᠡᠳᠦ᠋ᠰ ᠬᠦᠷᠪᠡ᠃ |