ᠵᠠᠷᠤᠳ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠠᠭᠠᠨ ᠰᠠᠷ᠎ᠠ ᠶᠢᠨ ᠠᠮᠵᠢᠯᠲᠠ ᠶᠢᠨ ᠳᠠᠷᠠᠭ᠎ᠠ ᠮᠠᠰᠢ ᠲᠦᠷᠭᠡᠨ ᠢᠶᠠᠷ ᠠᠵᠢᠯ ᠤᠨ ᠪᠠᠶᠢᠳᠠᠯ ᠳᠠᠭᠠᠨ ᠣᠷᠣᠪᠠ
ᠨᠡᠶᠢᠲᠡᠯᠡᠭᠰᠡᠨ ᠴᠠᠭ᠄
2023/1/30
        ᠵᠢᠯ ᠤᠨ ᠠᠵᠢᠯ ᠬᠠᠪᠤᠷ ᠲᠤ᠂ ᠬᠠᠪᠤᠷ ᠤᠨ ᠠᠵᠢᠯ ︽ᠰᠡᠳᠬᠢᠯ ᠢᠶᠠᠨ ᠬᠤᠷᠢᠶᠠᠬᠤ︾ ᠳᠤ ᠪᠤᠢ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠵᠠᠷᠤᠳ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠤᠰᠬᠠᠢ ᠰᠡᠳᠦᠪᠲᠦ ᠬᠤᠷᠠᠯ ᠬᠢᠬᠦ᠂ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠠᠨ ᠨᠢᠭᠡᠳᠬᠡᠵᠦ᠂ ︽ᠠᠮᠠᠷᠠᠯᠲᠠ ᠶᠢᠨ ᠪᠠᠶᠢᠳᠠᠯ︾ ᠠᠴᠠ ︽ᠠᠵᠢᠯ ᠤᠨ ᠪᠠᠶᠢᠳᠠᠯ︾ ᠳᠤ ᠪᠠᠨ ᠲᠦᠷᠭᠡᠨ ᠰᠢᠯᠵᠢᠨ ᠣᠷᠣᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠵᠢᠯ ᠤᠨ ᠪᠠᠶᠢᠷᠢ ᠳᠤ ᠪᠠᠨ ᠭᠠᠷᠪᠠ᠃
  877f002761f0c781f0b15f8b8f5d0cd.jpg
       ᠬᠤᠰᠢᠭᠤᠨ ᠤ ᠠᠷᠠᠳ ᠤᠨ ᠰᠢᠭᠦᠬᠦ ᠬᠤᠷᠢᠶ᠎ᠠ    ᠴᠠᠭᠠᠨ ᠰᠠᠷ᠎ᠠ ᠶᠢᠨ ᠳᠠᠷᠠᠭᠠᠬᠢ ᠠᠩᠬᠠᠨ ᠤ ᠠᠵᠢᠯᠯᠠᠬᠤ ᠡᠳᠦᠷ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠠᠵᠢᠯ ᠤᠨ ᠪᠠᠶᠢᠳᠠᠯ ᠳᠠᠭᠠᠨ ᠦᠳᠲᠡᠷ ᠲᠦᠷᠭᠡᠨ ᠪᠤᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠢᠨ᠎ᠡ ᠵᠢᠯ ᠤᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠠᠩᠬᠠᠨ ᠤ ᠬᠢᠴᠢᠶᠡᠯ ᠪᠣᠯᠭᠠᠨ ᠰᠣᠷᠣᠯᠴᠠᠵᠤ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠲᠣᠰᠢᠶᠠᠯ ᠢᠶᠠᠨ ᠭᠦᠢᠴᠡᠳᠬᠡᠬᠦ ᠶᠢᠨ ᠤᠶᠠᠯᠳᠤᠯ ᠤᠨ ᠴᠡᠭ᠂ ᠭᠠᠷᠳᠠᠬᠤ ᠴᠡᠭ᠂ ᠬᠦᠴᠦᠯᠡᠬᠦ ᠴᠡᠭ ᠪᠣᠯᠭᠠᠨ᠂ ᠠᠷᠭ᠎ᠠ ᠪᠦᠬᠦᠨ ᠢ ᠰᠦᠪᠡᠭᠴᠢᠯᠡᠵᠦ᠂ 2023 ᠣᠨ ᠤ ᠰᠢᠭᠦᠨ ᠲᠠᠰᠤᠯᠤᠯᠲᠠ ᠭᠦᠢᠴᠡᠳᠬᠡᠬᠦ ᠡᠭᠦᠷᠭᠡ ᠶᠢᠨ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠵᠦ᠂ ᠡᠷᠡᠯᠬᠡᠭᠯᠡᠨ ᠲᠡᠮᠡᠴᠡᠨ ᠤᠷᠤᠭᠰᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ ᠪᠠᠶᠢᠨ᠎ᠠ᠃
574da76021fcb7005858bdf231cf92d.jpg
    ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠣᠳᠠᠯ ᠤᠨ ᠲᠣᠪᠴᠢᠶ᠎ᠡ    1 ᠰᠠᠷ᠎ᠠ ᠶᠢᠨ 28 ᠤ ᠡᠳᠦᠷ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠢᠨ ᠪᠥᠬᠦ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ︽ᠰᠡᠳᠬᠢᠯ ᠢᠶᠠᠨ ᠬᠤᠷᠢᠶᠠᠬᠤ ᠬᠤᠷᠠᠯ︾ ᠬᠢᠵᠦ᠂ ᠪᠥᠬᠦ ᠺᠠᠳ᠋ᠷ ᠠᠵᠢᠯᠲᠠᠳ ᠢᠶᠠᠨ ᠲᠠᠶᠢᠴᠢᠯᠠᠨ ᠠᠮᠠᠷᠠᠯᠲᠠ ᠶᠢᠨ ᠪᠠᠶᠢᠳᠠᠯ ᠠᠴᠠ ᠳᠠᠷᠣᠶᠢᠬᠠᠨ ︽ᠰᠡᠳᠬᠢᠯ ᠢᠶᠠᠨ ᠬᠤᠷᠢᠶᠠᠵᠤ ᠠᠵᠢᠯ ᠤᠨ ᠪᠠᠶᠢᠷᠢᠨ ᠳᠤᠨᠢ ᠣᠷᠣᠬᠤ︾ ᠪᠣᠯᠭᠠᠵᠤ᠂ ᠦᠵᠡᠯ ᠰᠠᠨᠠᠭ᠎ᠠ᠂ ᠦᠶᠯᠡ ᠠᠵᠢᠯᠯᠠᠭ᠎ᠠ᠂ ᠣᠶᠤᠨ ᠴᠢᠳᠠᠯ ᠤᠨ ᠲᠠᠯ᠎ᠠ ᠪᠠᠷ ᠰᠡᠳᠬᠢᠯ ᠰᠠᠨᠠᠭ᠎ᠠ ᠪᠠᠨ ᠲᠦᠷᠭᠡᠨ ᠲᠣᠬᠢᠷᠠᠭᠤᠯᠤᠨ᠂ ᠦᠵᠡᠯ ᠰᠠᠨᠠᠭ᠎ᠠ ᠪᠠᠨ ᠠᠵᠢᠯ ᠤᠨ ᠠᠷᠭ᠎ᠠ ᠪᠣᠳᠣᠯᠭ᠎ᠠ ᠳᠡᠭᠡᠷ᠎ᠡ ᠲᠥᠪᠯᠡᠷᠡᠭᠦᠯᠵᠦ᠂ ᠣᠶᠤᠨ ᠴᠢᠳᠠᠯ ᠢᠶᠠᠨ ᠠᠵᠢᠯ ᠤᠨ ᠨᠠᠶᠢᠳᠠᠪᠤᠷᠢᠵᠢᠭᠤᠯᠤᠯᠲᠠ ᠳᠡᠭᠡᠷ᠎ᠡ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠬᠦ ᠪᠠᠷ ᠬᠦᠴᠦᠯᠡᠨ ᠴᠢᠷᠮᠠᠶᠢᠪᠠ᠃
e37d68296b4b819281ad0fb5ab88442.jpg
    ᠪᠠᠶᠠᠨᠲᠠᠯ᠎ᠠ ᠰᠤᠮᠤ    1 ᠰᠠᠷ᠎ᠠ ᠶᠢᠨ 28 ᠤ ᠡᠳᠦᠷ᠂ ᠪᠠᠶᠠᠨᠲᠠᠯ᠎ᠠ ᠰᠤᠮᠤ ᠬᠢᠨ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ 7 ᠡᠳᠦᠷ ᠤᠨ ᠬᠤᠭᠤᠴᠠᠭ᠎ᠠ ᠲᠠᠢ ᠰᠤᠷᠤᠯᠴᠠᠬᠤ ᠬᠤᠷᠠᠯ ᠬᠢᠵᠦ᠂ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠠᠭᠤᠯᠤᠭᠳᠠᠬᠤᠨ ᠢ ᠪᠥᠬᠦ ᠲᠠᠯ᠎ᠠ ᠪᠠᠷ᠂ ᠲᠠᠰ ᠳᠠᠪᠬᠤᠷᠭ᠎ᠠ ᠬᠤᠪᠢᠶᠠᠨ᠂ ᠣᠯᠠᠨ ᠬᠠᠷᠠᠭᠠᠰᠤ  ᠠᠴᠠ ᠰᠢᠰᠲ᠋ᠧᠮ ᠲᠠᠢ ᠳᠠᠶᠢᠯᠪᠣᠷᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠲᠦᠯᠬᠢᠨ ᠠᠬᠢᠭᠤᠯᠬᠤ ᠶᠢ ᠬᠥᠲᠥᠯᠥᠨ ᠵᠢᠯᠤᠭᠤᠳᠴᠤ᠂ ᠰᠤᠷᠤᠯᠭ᠎ᠠ ᠳᠠᠭᠠᠨ ᠠᠮᠵᠢᠯᠲᠠ ᠣᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠣᠯᠠᠭᠰᠠᠨ ᠪᠠᠶᠢᠨ᠎ᠠ᠃
9e9d6ee022fe604fb1aeaf0e36a5b6a.jpg
   ᠰᠢᠶᠠᠩᠱᠠᠨ ᠪᠠᠯᠭᠠᠰᠤ   1 ᠰᠠᠷ᠎ᠠ ᠶᠢᠨ 28 ᠤ ᠡᠳᠦᠷ᠂ ᠰᠢᠶᠠᠩᠱᠠᠨ ᠪᠠᠯᠭᠠᠰᠤ ᠬᠢᠨ ᠴᠠᠭᠠᠨ ᠰᠠᠷ᠎ᠠ ᠶᠢᠨ ︽ᠰᠡᠳᠬᠢᠯ ᠢᠶᠠᠨ ᠬᠤᠷᠢᠶᠠᠬᠤ ᠬᠤᠷᠠᠯ︾ ᠬᠢᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ︽ᠴᠢᠨᠠᠷ ᠰᠠᠶᠢᠲᠠᠢ ᠬᠥᠭᠵᠢᠯᠲᠡ︾ ᠪᠣᠯᠣᠨ ︽ᠨᠠᠮ ᠤᠨ ᠰᠤᠷᠲᠠᠯ ᠠᠷᠢᠭᠤᠨ ᠴᠢᠬᠡᠴᠢ ᠶᠢᠨ ᠬᠥᠮᠦᠵᠢᠯ︾ ᠤᠨ ᠲᠣᠭᠤᠷᠢᠨ ᠳᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠬᠡᠯᠪᠡᠷᠢ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠢᠶᠠᠨ ᠬᠥᠪᠴᠢᠯᠡᠵᠦ᠂ ᠪᠠᠶᠢᠳᠠᠯ ᠢ ᠬᠥᠭᠵᠢᠭᠡᠵᠦ᠂ ᠪᠦᠬᠦ ᠺᠠᠳ᠋ᠷ ᠠᠵᠢᠯᠲᠠᠨ ᠠᠵᠢᠯᠴᠢᠨ ᠤ ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ᠂ ᠬᠥᠭᠡᠭᠡᠵᠦ ᠭᠦᠢᠴᠡᠬᠦ ᠳᠠᠪᠠᠵᠤ ᠭᠠᠷᠬᠤ ᠠᠵᠢᠯ ᠤᠨ ᠠᠶᠢᠵᠠᠮ ᠢ ᠲᠦᠷᠭᠡᠳᠬᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ 2023 ᠣᠨ ᠤ ᠡᠯ᠎ᠡ ᠵᠦᠢᠯ ᠤᠨ ᠠᠵᠢᠯ ᠳᠤ ᠪᠦᠬᠦ ᠬᠦᠴᠦᠨ ᠢᠶᠠᠷ ᠢᠶᠠᠨ  ᠠᠬᠢᠭᠤᠯᠵᠤ᠂ ᠦᠨᠡᠨᠬᠦ ᠨᠠᠶᠢᠲᠠᠪᠣᠷᠢᠵᠢᠭᠤᠯᠵᠤ ᠪᠣᠳᠠᠲᠠᠢ ᠠᠵᠢᠯᠯᠠᠬᠤ ᠶᠢ ᠪᠠᠲᠣᠯᠠᠭᠰᠠᠨ ᠪᠠᠶᠢᠨ᠎ᠠ
5f52778a63c8110ffea6a803b9e69e4.jpg
    ᠯᠦᠪᠸᠢ ᠵᠡᠭᠡᠯᠢ ᠭᠤᠳᠤᠮᠵᠢ   1 ᠰᠠᠷ᠎ᠠ ᠶᠢᠨ 29 ᠤ ᠡᠳᠦᠷ᠂ ᠯᠦᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠬᠢᠨ ᠲᠤᠰᠬᠠᠢ ᠰᠡᠳᠦᠪᠲᠦ ᠬᠤᠷᠠᠯ ᠬᠢᠵᠦ᠂ ᠪᠦᠭᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠴᠢᠬᠡᠴᠢ ᠵᠠᠰᠠᠭ ᠤᠨ ᠨᠠᠮ ᠤᠨ ᠬᠢᠴᠢᠶᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠰᠢᠨ᠎ᠡ ᠵᠢᠯ ᠤᠨ ᠳᠠᠷᠠᠭᠠᠬᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠪᠦᠭᠦ ᠠᠵᠢᠯᠲᠠᠳ ᠤᠨ ︽ᠴᠠᠭᠠᠨ ᠰᠠᠷ᠎ᠠ ᠶᠢᠨ ᠠᠮᠠᠷᠠᠯᠲᠠ ᠶᠢᠨ ᠲᠠᠷᠠᠭ᠎ᠠ ᠰᠡᠳᠬᠢᠯ ᠰᠠᠨᠠᠭ᠎ᠠ ᠪᠠᠨ ᠬᠤᠷᠢᠶᠠᠵᠤ᠂ ᠠᠵᠢᠯ ᠤᠨ ᠪᠠᠶᠢᠳᠠᠯ ᠳᠠᠭᠠᠨ ᠣᠷᠣᠵᠤ︾᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠳᠤ ᠣᠷᠤᠯᠴᠠᠬᠤ ᠶᠢ ᠪᠠᠲᠤᠯᠠᠭᠰᠠᠨ ᠪᠠᠶᠢᠨ᠎ᠠ᠃    ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠰᠡᠳᠭᠢᠯ ᠢᠶᠠᠨ ᠬᠤᠷᠢᠶᠠᠬᠤ ᠠᠵᠢᠯ ᠢ ᠪᠦᠲᠦᠮᠵᠢᠲᠡᠶ ᠥᠷᠨᠢᠭᠦᠯᠦᠭᠰᠡᠨ ᠢᠶᠠᠷ᠂ ᠪᠦᠭᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠢᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠴᠢᠭᠯᠡᠯ ᠪᠠ ᠭᠤᠣᠯ ᠰᠡᠳᠬᠢᠮᠵᠢ ᠪᠠᠨ ᠲᠣᠳᠣᠷᠬᠠᠢ ᠪᠣᠯᠭᠠᠵᠤ᠂ ᠪᠦᠭᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠴᠤᠭ ᠰᠦᠯᠳᠡ ᠶᠢ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠢᠷᠮᠡᠭᠦᠨ ᠵᠣᠷᠢᠭ ᠢᠶᠠᠷ ᠤᠷᠤᠭᠰᠢᠯᠠᠨ ᠲᠠᠪᠰᠢᠬᠤ ᠤᠷᠮ᠎ᠠ ᠵᠣᠷᠢᠭ ᠢ ᠬᠦᠭᠵᠢᠭᠡᠪᠡ᠃ ᠤᠯᠠᠨ ᠢᠶᠠᠷ ᠢᠶᠠᠨ᠂ ᠥᠪᠡᠷ ᠢ ᠪᠠᠨ ᠴᠢᠩᠭ᠎ᠠ ᠱᠠᠭᠠᠷᠳᠠᠵᠤ᠂ ᠬᠡᠬᠦᠳᠡᠭ ᠳᠦᠭᠦᠷᠡᠩ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠳᠠᠭᠠᠨ ᠣᠷᠣᠯᠴᠠᠵᠤ᠂ 2023 ᠣᠨ ᠤ ᠠᠵᠢᠯ ᠢᠶᠠᠨ ᠰᠠᠶᠢᠨ ᠡᠬᠢᠯᠡᠯᠲᠡ ᠪᠣᠯᠭᠠᠵᠤ᠂  ᠠᠵᠢᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号