ᠬᠤᠳᠠᠯᠳᠣᠭᠠᠴᠢᠨ ᠤᠷᠢᠵᠤ ᠪᠡᠯᠡ ᠲᠠᠲᠠᠬᠤ ᠪᠠ ᠪᠡᠯᠡ ᠮᠦᠩᠬᠦ ᠲᠡᠮᠡᠴᠡᠨ ᠣᠯᠵᠤ ᠲᠥᠷᠥᠯ ᠵᠦᠢᠯ ᠲᠣᠭᠲᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ  ᠵᠠᠷᠤᠳ ᠬᠤᠰᠢᠭᠤᠨ ᠤ ᠠᠵᠤ ᠦᠢᠯᠡᠳᠪᠦᠷᠢ ᠶᠢᠨ ᠲᠦᠷᠭᠡᠨ ᠬᠦᠭᠵᠢᠯᠲᠡ  ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠦᠨ ᠶᠠᠰᠤ ᠴᠢᠨᠠᠷ ᠳᠡᠭᠡᠭᠰᠢᠯᠡᠬᠦ ᠶᠢ ᠠᠬᠢᠭᠤᠯᠣᠶ᠎ᠠ 丨丨 ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/1/4
    ᠪᠥᠬᠦ ᠬᠤᠲᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠪᠡ᠃ ᠲᠡᠷᠡ ᠢᠯᠡᠷᠬᠡᠶᠢᠯᠡᠬᠦ ᠳᠡᠭᠡᠨ᠂ ᠭᠦᠸᠧ ᠢᠦᠢ ᠹᠧᠩ ᠬᠤᠲᠠ ᠶᠢᠨ ᠳᠠᠷᠤᠭ᠎ᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠢ ᠪᠠᠷᠢᠮᠲᠠᠯᠠᠨ ᠠᠮᠵᠢᠯᠲᠠ ᠪᠠᠨ ᠳ᠋ᠦᠩᠨᠡᠵᠦ᠂ ᠲᠣᠭᠲᠠᠭᠤᠨ ᠢᠶᠠᠷ ᠬᠦᠭᠵᠢᠬᠦ  ᠬᠠᠷᠠᠯᠲᠠ ᠪᠠᠨ ᠨᠠᠷᠢᠯᠢᠭᠵᠢᠭᠤᠯᠵᠤ᠂ ᠨᠠᠶᠢᠲᠠᠪᠣᠷᠢᠵᠢᠭᠤᠯᠣᠯᠲᠠ ᠶᠢ ᠴᠢᠩᠭᠠᠳᠬᠠᠵᠤ ᠡᠭᠦᠷᠭᠡ ᠪᠠᠨ ᠪᠠᠶᠢᠷᠢᠯᠠᠭᠤᠯᠵᠤ᠂ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠢᠶᠠᠷ ᠴᠥᠮ ᠮᠠᠰᠢ ᠴᠢᠩᠭ᠎ᠠ ᠪᠠᠶᠢᠵᠤ ᠂ ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ᠂ ᠢᠲᠡᠭᠡᠯ ᠵᠣᠷᠢᠭ ᠢ ᠴᠢᠩᠭᠠᠷᠠᠭᠤᠯᠤᠭᠰᠠᠨ ᠰᠠᠶᠢᠨ ᠮᠡᠳᠡᠭᠦᠯᠦᠯᠲᠡ ᠪᠣᠯᠣᠨ᠎ᠠ ᠭᠡᠪᠡ᠃
2b92fdccae5e17b83c466eadcbfeb54.jpg
    ᠪᠦᠦ ᠸᠧᠨ ᠯᠠᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠣᠨ᠎ᠠ᠃ ᠰᠢᠨ᠎ᠡ ᠨᠢᠭᠡ ᠵᠢᠯ ᠳᠤ᠂ ᠵᠠᠷᠤᠳ ᠬᠤᠰᠢᠭᠤᠨ ᠤ ᠬᠢᠨ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠲᠦᠩᠯᠢᠶᠣᠣ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠪᠠᠶᠢᠷᠢ ᠲᠣᠭᠲᠠᠭᠠᠯᠲᠠ ᠪᠠᠨ ᠲᠣᠭᠲᠠᠭᠠᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ ᠪᠠᠲᠤᠳᠬᠠᠵᠤ᠂ ᠣᠳᠣᠬᠢᠴᠢᠯᠠᠭᠰᠠᠨ ᠵᠠᠷᠤᠳ  ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠦᠷᠨᠢᠭᠦᠯᠦᠨ᠎ᠡ᠃
44d1061226903afe18e7ed123919095.jpg
    ᠲᠥᠷᠥᠯ ᠵᠦᠢᠯ ᠢ ᠠᠳᠬᠤᠵᠤ᠂ ᠲᠤᠯᠭᠠᠭᠤᠷᠢᠯᠠᠯ ᠢ ᠴᠢᠩᠭᠠᠳᠬᠠᠵᠤ᠂ ᠪᠣᠬᠢᠷᠳᠤᠯ ᠦᠭᠡᠢ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠯᠠᠰᠢᠨ ᠦᠬᠡᠷ ᠢ ᠨᠠᠷᠢᠯᠢᠭ ᠪᠣᠯᠪᠠᠰᠤᠷᠠᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠲᠣᠭᠤᠷᠢᠨ ᠳᠤ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠪᠠ ᠪᠡᠯᠡ ᠮᠥᠩᠭᠦ ᠲᠡᠡᠮᠴᠡᠨ ᠣᠯᠵᠤ ᠲᠥᠷᠥᠯ ᠵᠦᠢᠯ ᠲᠣᠭᠲᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠠᠷᠪᠠᠨ ᠠᠵᠤ ᠦᠢᠯᠡᠰ︾ ᠢ ᠲᠦᠷᠭᠡᠳᠬᠡᠨ ᠪᠣᠶᠢᠵᠢᠭᠤᠯᠵᠤ᠂ ᠺᠠᠩ ᠨᠠᠢ ᠡᠯ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠲᠠᠯ᠎ᠠ ᠪᠠᠷ ᠦᠨᠡᠨ ᠪᠣᠳᠠᠲᠠᠢ ᠰᠢᠪᠲᠤᠯᠤᠯᠲᠠ ᠲᠠᠢ ᠪᠣᠯᠭᠠᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠲᠦᠷᠭᠡᠨ ᠬᠥᠭᠵᠢᠬᠦ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠦᠨ ᠶᠠᠰᠤ ᠴᠢᠨᠠᠷ ᠳᠡᠭᠡᠭᠰᠢᠯᠡᠬᠦ ᠶᠢ ᠠᠬᠢᠭᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠣᠨ ᠤ ᠠᠵᠢᠯᠯᠠᠭ᠎ᠠ︾ ᠶᠢ ᠢᠳᠡᠪᠬᠢᠲᠡᠢ ᠥᠷᠨᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽12345︾  ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠵᠦ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠤᠨ ᠬᠦᠴᠦᠨ ᠵᠦᠢᠯ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠬᠢᠨ ᠳᠤ ᠠᠵᠢᠯ ᠶᠠᠪᠤᠳᠠᠯ ᠭᠦᠢᠴᠡᠳᠬᠡᠬᠦ ᠳᠤ ᠦᠨᠡᠨ ᠬᠦ ᠰᠡᠳᠬᠢᠯ  ᠠᠮᠣᠷ ᠪᠠᠶᠢᠯᠭᠠᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠢᠲᠡᠭᠡᠯ ᠵᠣᠷᠢᠭ ᠢ ᠨᠢ ᠬᠦᠪᠴᠢᠯᠡᠨ᠎ᠡ᠃ ᠠᠮᠢ ᠠᠬᠤᠢ ᠶᠢ ᠠᠳᠬᠤᠵᠤ ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠠᠵᠤ ᠦᠢᠯᠡᠰ ᠢ ᠣᠷᠣᠭᠤᠯᠬᠤ ᠵᠣᠪᠰᠢᠶᠡᠷᠡᠬᠦ ᠪᠠᠷᠢᠮᠵᠢᠶ᠎ᠠ ᠶᠢ ᠴᠢᠩᠭ᠎ᠠ ᠰᠠᠬᠢᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠨᠡᠭᠦᠷᠡᠰᠦᠲᠦ᠋ᠷᠦᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠬᠦ ᠶᠢ ᠠᠬᠢᠭᠤᠯᠵᠤ᠂ ᠲᠦᠩᠯᠢᠶᠣᠣ ᠶᠢᠨ ᠬᠤᠶᠢᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ ᠠᠷᠠᠳ ᠤᠨ ᠠᠮᠢᠳᠤᠷᠠᠯ ᠢ ᠠᠳᠬᠤᠵᠤ᠂ ᠲᠣᠭᠲᠠᠭᠤᠨ ᠪᠠᠶᠢᠳᠠᠯ ᠢ ᠪᠠᠲᠤᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠣᠨᠣᠴᠠᠲᠠᠢ ᠬᠠᠩᠭᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠶᠢᠰᠢᠳᠠ ᠶᠢᠨ ᠬᠢᠵᠢᠭ ᠤᠨ ᠴᠠᠭ ᠦᠶ᠎ᠡ ᠳᠤ ᠲᠤᠯᠭᠠᠷᠠᠬᠤ ᠠᠵᠠ ᠲᠣᠬᠢᠶᠠᠯ ᠪᠣᠯᠣᠨ ᠥᠷᠢᠰᠦᠯᠳᠦᠭᠡᠨ ᠢ ᠵᠣᠬᠢᠰᠲᠠᠢ ᠠᠷᠭᠠᠴᠠᠭᠠᠵᠤ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号