| | 1 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠡᠷᠢᠭᠦᠯᠡᠭᠴᠢ ᠶᠢᠨ ᠪᠦᠯᠬᠦᠮ ᠤᠨ | ᠠᠩᠬᠠᠳᠤᠭᠠᠷ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠱᠣᠣ ᠶᠠᠨ ᠵᠢᠶᠦ᠋ᠨ᠂ ᠦ᠋ ᠴᠢᠩ ᠬᠠᠢ᠂ ᠯᠢᠦ ᠶᠦᠩ | ᠂ ᠭᠦᠸᠧ ᠮᠢᠩ ᠴᠢᠶᠦ᠋ᠨ᠂ ᠪᠠᠲᠤ᠂ ᠯᠢᠦ ᠶᠣᠣ᠂ ᠯᠢᠦ ᠰᠢ ᠯᠢᠨ᠂ ᠪᠠᠢ ᠶᠠᠨ ᠰᠢᠤᠸᠠᠢ᠂ ᠯᠢ ᠢᠦᠢ ᠹᠦ᠋᠂ ᠶᠣᠣ ᠼᠠᠢ | ᠶᠠᠨ᠂ ᠰᠦᠸᠧ ᠮᠢᠩ ᠢᠦᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠤᠷᠠᠯ ᠢ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ | ᠴᠢᠩ ᠴᠢᠩ ᠠᠴᠠ ᠡᠷᠬᠢᠯᠡᠪᠡ᠃ | ᠬᠤᠷᠠᠯ ᠳᠡᠭᠡᠷ᠎ᠡ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠡᠷᠢᠭᠦᠯᠡᠭᠴᠢ ᠶᠢᠨ ᠪᠦᠯᠬᠦᠮ ᠤᠨ | ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ︔ | ᠶᠡᠭᠡ ᠬᠤᠷᠠᠯ ᠤᠨ ᠳᠠᠷᠠᠭᠠᠯᠠᠯ᠂ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ᠂ | ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠯ ᠵᠥᠪᠯᠡᠯᠭᠡ ᠪᠠ ᠰᠠᠨᠠᠭᠤᠯᠭ᠎ᠠ ᠶᠢ ᠬᠤᠷᠢᠶᠠᠯᠠᠬᠤ ᠳᠠᠭᠤᠰᠬᠤ ᠴᠠᠭ᠂ ᠵᠠᠷᠤᠳ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠥᠭᠴᠦ | ᠲᠣᠭᠲᠠᠭᠠᠬᠤ ᠠᠷᠭ᠎ᠠ ᠶᠢ ᠬᠢᠨᠠᠨ ᠶᠠᠷᠢᠯᠴᠠᠵᠤ ᠪᠠᠲᠤᠯᠠᠪᠠ︔ ᠬᠤᠷᠠᠯ ᠠᠴᠠ ᠲᠥᠯᠥᠭᠡᠯᠡᠭᠴᠢᠳ ᠤᠨ ᠬᠠᠮᠲᠤᠷᠠᠨ ᠨᠡᠷ᠎ᠡ | ᠳᠣᠷᠠᠳᠣᠭᠰᠠᠨ ᠵᠢᠱᠢᠭᠳᠡᠭᠰᠡᠳ ᠤᠨ ᠳᠠᠭᠤᠰᠬᠤ ᠴᠠᠭ ᠢ ᠲᠣᠭᠲᠠᠭᠠᠪᠠ᠃ | | | |