| 1 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠵᠠᠷᠤᠳ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠳᠤ ᠣᠷᠣᠯᠴᠠᠭᠰᠠᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠤᠯᠤᠰ ᠲᠥᠷᠥ ᠶᠢᠨ ᠵᠥᠪᠯᠡᠯᠭᠡᠨ ᠤ | ᠠᠵᠢᠯ ᠤᠨ ᠢᠯᠡᠳᠬᠡᠯ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠢᠯᠡᠳᠭᠡᠯ ᠢ ᠶᠠᠷᠢᠯᠴᠠᠪᠠ᠃ ᠬᠤᠰᠢᠭᠤᠨ ᠤ | ᠤᠳᠤᠷᠢᠳᠤᠯᠭ᠎ᠠ ᠱᠣᠣ ᠶᠠᠨ ᠵᠢᠶᠦ᠋ᠨ᠂ ᠯᠢᠦ ᠶᠦᠩ᠂ ᠪᠠᠲᠤ᠂ ᠯᠢᠦ ᠶᠣᠣ᠂ ᠯᠢ ᠢᠦᠢ ᠹᠦ᠋᠂ ᠶᠣᠣ ᠼᠠᠢ ᠶᠠᠨ᠂ ᠮᠦ | ᠲᠢᠶᠧ ᠮᠢᠨ᠂ ᠳ᠋ᠢᠩ ᡁᠢ ᠭᠠᠩ᠂ ᠮᠦᠩᠭᠦᠨᠬᠤᠸᠠᠷ᠂ ᠦ᠋ ᠰᠢᠶᠣᠣ᠂ ᠳ᠋ᠠᠢ ᠪᠦᠦ ᠯᠢᠨ᠂ ᠸᠠᠩ ᠴᠧᠩ ᠶᠠᠷᠢᠯᠴᠠᠭᠠᠨ ᠳᠤ | ᠣᠷᠣᠯᠴᠠᠪᠠ᠃ | ᠡᠯ᠎ᠡ ᠶᠠᠷᠢᠯᠴᠠᠬᠤ ᠳᠤᠭᠤᠶᠢᠯᠠᠩ ᠤᠨ᠂ ᠡᠯ᠎ᠡ ᠡᠲᠡᠭᠡᠳ ᠤᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠥᠪᠡᠷ ᠤᠨ ᠰᠠᠨᠠᠯ ᠢᠶᠠᠨ ᠢᠯᠡᠳᠬᠡᠨ᠂ ᠬᠤᠰᠢᠭᠤᠨ ᠤ ᠤᠯᠤᠰ | ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠪᠠ ᠰᠠᠨᠠᠯ ᠳᠤᠷᠠᠳᠤᠯᠭ᠎ᠠ ᠶᠢᠨ | ᠠᠵᠢᠯ ᠤᠨ ᠢᠯᠡᠳᠭᠡᠯ ᠤᠨ ᠭᠤᠣᠯ ᠰᠡᠳᠦᠪ ᠨᠢ ᠲᠣᠳᠣᠷᠬᠠᠢ᠂ ᠠᠭᠤᠯᠭ᠎ᠠ ᠪᠦᠷᠢᠨ ᠲᠡᠭᠦᠯᠳᠡᠷ᠂ ᠡᠭᠦᠷᠭᠡ ᠲᠣᠳᠣᠷᠬᠠᠢ | ᠪᠠᠶᠢᠵᠤ᠂ ᠥᠩᠭᠡᠷᠡᠭᠰᠡᠨ ᠨᠢᠭᠡ ᠵᠢᠯ ᠤᠨ ᠣᠯᠣᠭᠰᠠᠨ ᠠᠮᠵᠢᠯᠲᠠ ᠪᠠᠨ ᠪᠦᠭᠦ ᠲᠠᠯ᠎ᠠ ᠪᠠᠷ ᠳ᠋ᠦᠩᠨᠡᠬᠦ ᠶᠢᠨ ᠳᠠᠭᠠᠤ | ᠰᠢᠨ᠎ᠡ ᠨᠢᠭᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠠᠷᠠᠯᠲᠠ ᠪᠠ ᠭᠤᠣᠯᠳᠠᠯᠭ᠎ᠠ ᠲᠠᠢ | ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠪᠠᠶᠢᠷᠢᠯᠠᠭᠤᠯᠵᠠᠢ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ | ᠦᠵᠡᠪᠡ᠃ | ᠭᠡᠰᠢᠭᠦᠳ ᠤᠨ ᠦᠵᠡᠬᠦ ᠪᠠᠷ᠂ ᠥᠩᠭᠡᠷᠡᠭᠰᠡᠨ ᠨᠢᠭᠡ ᠵᠢᠯ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠭᠤᠣᠯ | ᠠᠵᠢᠯ ᠤᠨ ᠲᠣᠭᠤᠷᠢᠨ ᠳᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ | ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ | ᠡᠭᠦᠷᠭᠡᠯᠡᠯ ᠢᠶᠠᠨ ᠢᠯᠡᠷᠡᠭᠦᠯᠵᠦ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃2023 ᠣᠨ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠮᠦᠨᠴᠦ ᠣᠳᠣᠬᠢᠴᠢᠯᠠᠭᠰᠠᠨ ᠵᠠᠷᠣᠳ ᠤᠨ ᠪᠦᠲᠦᠭᠡᠨ | ᠪᠠᠶᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠬᠦ ᠲᠡᠮᠡᠴᠡᠯ ᠤᠨ ᠵᠢᠯ ᠮᠥᠨ᠂ ᠪᠦᠬᠦ ᠵᠢᠯ ᠤᠨ | ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠭᠡᠰᠢᠭᠦᠳ ᠢᠯᠡᠷᠬᠡᠶᠢᠯᠡᠭᠰᠡᠨ ᠨᠢ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ | ᠥᠪᠥᠷ ᠮᠣᠩᠭᠤᠯ ᠤᠨ ᠲᠣᠬᠠᠢ ᠳᠤᠷᠠᠳᠤᠭᠰᠠᠨ ︽ᠲᠠᠪᠤᠨ ᠶᠡᠭᠡ ᠡᠭᠦᠷᠭᠡ︾ ᠶᠢ ᠲᠣᠭᠲᠠᠭᠠᠵᠤ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠡᠭᠦᠷᠭᠡ ᠶᠢᠨ ᠲᠣᠭᠤᠷᠢᠨ ᠳᠤ᠂ ᠲᠤᠰᠬᠠᠢ ᠵᠥᠪᠯᠡᠬᠦ | ᠪᠠᠶᠢᠭᠤᠯᠤᠮᠵᠢ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ | ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ | ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠣᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃ | |