ᠵᠠᠷᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠢᠨ ᠪᠠᠶᠠᠨᠲᠠᠯ᠎ᠠ ᠰᠤᠮᠤᠨ ᠳᠤ ᠬᠦᠷᠴᠦ ᠠᠵᠢᠯ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/1/5
      1 ᠰᠠᠷ᠎ᠠ ᠶᠢᠨ 3 ᠤ ᠡᠳᠦᠷ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠤᠰᠬᠠᠢ ᠱᠠᠭᠠᠷᠳᠠᠨ ᠪᠠᠶᠢᠴᠠᠭᠠᠨ ᠵᠢᠯᠤᠭᠤᠳᠬᠤ ᠳᠤᠭᠤᠶᠢᠯᠠᠩ ᠬᠢᠨ ᠪᠠᠶᠠᠨᠲᠠᠯ᠎ᠠ ᠰᠤᠮᠤ ᠳᠤ ᠬᠦᠷᠴᠦ ᠶᠠᠳᠠᠭᠤ ᠠᠴᠠ ᠠᠩᠬᠢᠵᠢᠷᠠᠭᠤᠯᠤᠭᠰᠠᠨ ᠰᠢᠪᠳᠤᠯᠤᠯᠳᠠ ᠶᠢᠨ ᠦᠷ᠎ᠡ ᠪᠦᠲᠦᠭᠡᠯ  ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃ ᠱᠠᠭᠠᠷᠳᠠᠨ ᠪᠠᠶᠢᠴᠠᠭᠠᠨ ᠵᠢᠯᠤᠭᠤᠳᠬᠤ ᠳᠤᠭᠤᠶᠢᠯᠠᠩ ᠤᠨ ᠬᠢᠨ ᠵᠡᠭᠦᠨ ᠪᠠᠶᠠᠨᠲᠠᠯ᠎ᠠ ᠲᠣᠰᠬᠤᠨ ᠳᠤ ᠬᠦᠷᠴᠦ ᠡᠷᠦᠬᠡ ᠳᠤ ᠣᠷᠣᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠪᠡᠯᠡᠳᠬᠡᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢ ᠨᠠᠷᠢᠨ ᠣᠶᠢᠯᠠᠭᠠᠭᠰᠠᠨ ᠤ ᠳᠠᠷᠠᠭ᠎ᠠ ᠦᠨᠡᠯᠡᠨ ᠵᠢᠱᠢᠬᠦ ᠶᠢᠨ ᠲᠠᠭᠠᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠠᠩᠬᠠᠷᠬᠤ ᠵᠦᠢᠯᠡᠰ ᠤᠨ ᠲᠤᠬᠠᠢ ᠪᠣᠳᠠᠲᠠᠢ ᠰᠠᠨᠠᠯ ᠪᠠ ᠰᠠᠨᠠᠭᠤᠯᠭ᠎ᠠ ᠳᠤᠷᠠᠳᠪᠠ᠃      
微信图片_20230105153338.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号