ᠤᠯᠤᠰ ᠲᠥᠷᠥ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2023/1/5
    ᠰᠢᠨ᠎ᠡ ᠠᠶᠠᠨ ᠵᠠᠮ ᠬᠥᠮᠥᠰ ᠢ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠡᠭᠦᠷᠭᠡ ᠬᠠᠷᠢᠭᠤᠴᠠᠯᠭ᠎ᠠ ᠬᠦᠮᠤᠰ ᠢ ᠤᠷᠢᠶᠠᠯᠠᠨ᠎ᠠ᠃ ᠪᠦᠬᠦ ᠤᠯᠤᠰ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠪᠠᠶᠢᠭ᠎ᠠ ᠴᠢᠬᠤᠯᠠ ᠴᠠᠭ ᠮᠥᠴᠡ ᠳᠤ᠂ 1 ᠰᠠᠷ᠎ᠠ ᠶᠢᠨ 4  ᠤ ᠦᠳᠡ ᠶᠢᠨ ᠡᠮᠦᠨᠡᠬᠢ 9 ᠴᠠᠭ ᠲᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠢ ᠳᠠᠭᠠᠯᠳᠤᠨ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠬᠤᠰᠢᠭᠤᠨ ᠤ ᠬᠠᠮᠵᠢᠯᠴᠠᠭ᠎ᠠ ᠰᠣᠯᠢᠯᠴᠠᠭᠠᠨ ᠤ ᠲᠥᠪ ᠤᠨ ᠬᠤᠷᠠᠯ ᠤᠨ ᠲᠢᠩᠬᠢᠮ ᠳᠤ ᠦᠪᠡᠳᠡᠭᠰᠢ ᠶᠡᠬᠡᠪᠡᠷ ᠡᠬᠢᠯᠡᠪᠡ᠃ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠠᠴᠠ ᠢᠷᠡᠭᠰᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠢᠭᠡ ᠲᠠᠩᠬᠢᠮ ᠳᠤ ᠬᠤᠷᠠᠨ ᠴᠤᠭᠯᠠᠷᠠᠵᠤ ᠂ ᠪᠥᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂ ᠤᠯᠤᠰ ᠲᠥᠷᠥ ᠶᠢ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠣᠳᠣᠬᠢᠴᠢᠯᠠᠭᠰᠠᠨ  ᠵᠠᠷᠤᠳ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠪᠠᠶᠢᠨ᠎ᠠ᠃       
微信图片_20230105110332.jpg
     ᠱᠤᠤ ᠶᠠᠨ ᠵᠢᠶᠦ᠋ᠨ᠂ ᠦ᠋ ᠴᠢᠩ ᠬᠠᠢ᠂ ᠯᠢᠦ ᠶᠦᠩ᠂ ᠭᠦᠸᠧ ᠮᠢᠩ ᠴᠢᠶᠦ᠋ᠨ᠂ ᠪᠠᠲᠤ᠂ ᠯᠢᠦ ᠶᠤᠤ᠂ ᠯᠢᠦ ᠰᠢ ᠯᠢᠨ᠂ ᠪᠠᠢ ᠶᠠᠨ ᠰᠢᠤᠸᠠᠢ᠂ ᠯᠢ ᠢᠦᠢ ᠹᠦ᠋᠂ ᠮᠦᠩᠭᠦᠨᠬᠤᠸᠠᠷ᠂ ᠦ᠋ ᠰᠢᠶᠣᠣ᠂ ᠳ᠋ᠠᠢ ᠪᠦᠦ ᠯᠢᠨ᠂ ᠸᠠᠩ ᠴᠧᠩ᠂ ᠦ᠋ ᠰᠢᠶᠣᠣ ᠹᠧᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠪᠠ᠃     ᠶᠣᠣ ᠼᠠᠢ ᠶᠠᠨ᠂ ᠰᠦᠸᠧ ᠮᠢᠩ ᠢᠦᠢ᠂ ᠼᠤᠤ ᠢᠦᠢ ᠯᠦᠩ᠂ ᠪᠦᠦ ᠯᠦᠩ᠂ ᠵᠠᠩ ᠶᠦᠩ ᠴᠢᠶᠠᠩ᠂ ᠵᠠᠩ ᠴᠦᠨ ᠡᠾᠦ᠋ᠢ᠂ ᠶᠠᠩ ᠵᠧᠨ ᠴᠢᠩ᠂ ᠯᠢ ᠶᠦᠩ ᠬᠠᠢ᠂ ᠮᠦ ᠲᠢᠶᠧ ᠮᠢᠨ᠂ ᠳ᠋ᠢᠩ ᡁᠢ ᠭᠠᠩ᠂ ᠼᠦᠢ ᠯᠧᠢ ᠯᠧᠢ᠂ ᠭᠦᠸᠧ ᠶᠠ ᠹᠧᠩ᠂ ᠲᠤᠩᠭᠠᠯᠠᠭ᠂ ᠴᠢᠦᠢ ᠶᠧ ᠬᠤᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠤᠯᠤᠰ ᠲᠥᠷᠥ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠨᠡᠶᠢᠲᠡ 197 ᠭᠡᠰᠢᠭᠦᠨ ᠲᠠᠢ᠂ 161 ᠬᠥᠮᠥᠨ ᠬᠤᠷᠠᠯ ᠳᠤ ᠪᠤᠳᠠᠳᠠᠢ ᠣᠷᠣᠯᠴᠠᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠶᠡᠭᠡ ᠬᠤᠷᠠᠯ ᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠦᠩᠭᠦᠨᠬᠤᠸᠠᠷ ᠡᠷᠬᠢᠯᠡᠪᠡ᠃    ᠬᠤᠷᠠᠯ ᠤᠨ ᠲᠠᠯᠠᠪᠠᠢ ᠶᠢᠨ ᠪᠠᠶᠢᠷᠢᠯᠠᠭᠤᠯᠤᠯᠲᠠ ᠲᠥᠪ ᠬᠢᠴᠢᠶᠡᠩᠭᠦᠢ ᠲᠦᠭᠦᠮ ᠪᠣᠷᠣᠭᠵᠢᠭᠤᠨ ᠪᠠᠶᠢᠵᠤ᠂ ᠲᠡᠷᠢᠭᠦᠯᠡᠭᠴᠢ ᠶᠢᠨ ᠲᠠᠶᠢᠰᠠᠨ ᠤ ᠭᠤᠣᠯ ᠳᠤᠮᠳᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠪᠡᠯᠭᠡᠳᠡᠭᠰᠡᠨ ᠤᠯᠤᠰ ᠲᠦᠷᠦ ᠶᠢᠨ ᠵᠥᠪᠯᠡᠯᠭᠡᠨ ᠤ ᠰᠦᠯᠳᠡ ᠶᠢ ᠡᠯᠭᠦᠵᠦ᠂ ᠠᠷᠪᠠᠨ ᠤᠯᠠᠭᠠᠨ ᠲᠤᠭ ᠨᠠᠮᠢᠷᠠᠭᠠᠨ ᠲᠤᠰᠬᠠᠯ ᠳᠣᠣᠷ᠎ᠠ ᠭᠡᠷᠡᠯ ᠭᠢᠯᠪᠠᠭ᠎ᠠ ᠰᠠᠴᠤᠷᠠᠭᠤᠯᠪᠠ᠃    ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠤᠯᠤᠰ ᠲᠥᠷᠥ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ ᠮᠡᠳᠡᠭᠦᠯᠦᠯᠲᠡ ᠪᠠᠨ ᠨᠡᠶᠢᠳᠡ ᠬᠤᠶᠠᠷ ᠬᠡᠰᠡᠭ ᠬᠤᠪᠢᠶᠠᠪᠠ᠂ 2022 ᠣᠨ ᠤ ᠠᠵᠢᠯ ᠤᠨ ᠡᠷᠭᠢᠴᠡᠭᠦᠯᠦᠯ ᠪᠠ 2023 ᠣᠨ ᠤ ᠠᠵᠢᠯ ᠤᠨ ᠲᠣᠬᠢᠷᠠᠭᠤᠯᠤᠯᠲᠠ ᠪᠣᠯᠣᠨ᠎ᠠ᠃     
微信图片_20230105110328.jpg
     ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠭᠰᠠᠨ ᠵᠢᠯ ᠮᠥᠨ᠂ ᠪᠠᠰᠠ ᠴᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠵᠢᠴᠢ ᠪᠠᠶᠢᠩᠭᠤ ᠶᠢᠨ ᠬᠤᠷᠢᠶ᠎ᠠ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠪᠥᠬᠦ ᠬᠤᠰᠢᠭᠤᠨ ᠤ ᠭᠤᠣᠯ ᠠᠵᠢᠯ ᠤᠨ ᠲᠤᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠶᠢᠭᠡᠮ ᠤᠨ ᠴᠢᠬᠤᠯᠠ ᠶᠡᠭᠡ ᠠᠩᠬᠠᠷᠤᠯ ᠲᠠᠯᠪᠢᠵᠦ ᠪᠠᠶᠢᠭ᠎ᠠ ᠠᠰᠠᠭᠤᠳᠠᠯ ᠢ ᠴᠢᠩᠭ᠎ᠠ ᠠᠳᠬᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠳᠤᠳᠬᠠᠪᠠ︔ ᠪᠥᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠲᠥᠷᠥ ᠶᠢᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠪᠡ︔ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠡᠭᠦᠳᠦᠨ ᠪᠠᠶᠢᠭᠤᠯᠵᠤ᠂ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠳᠤ ᠨᠡᠩ ᠳᠥᠭᠦᠮ ᠳᠥᠲᠡ ᠪᠣᠯᠭᠠᠪᠠ︔ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠠᠰᠤ ᠴᠢᠨᠠᠷ ᠢᠯᠡᠳᠲᠡ ᠳᠡᠭᠡᠭᠰᠢᠯᠡᠪᠡ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃     ᠢᠯᠡᠳᠬᠡᠯ ᠳᠤ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠣᠳᠣᠬᠢᠴᠢᠯᠠᠭᠰᠠᠨ ᠵᠠᠷᠤᠳ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠮᠥᠨ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠤᠯᠤᠰ ᠲᠥᠷᠥ ᠶᠢ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ︽ᠬᠤᠣᠰ ᠴᠢᠭᠯᠡᠯ ᠢᠶᠠᠷ ᠬᠦᠴᠦᠯᠡᠬᠦ︾ ᠬᠢᠷᠢ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ᠂ ᠥᠨᠳᠥᠷ ᠦᠨᠡᠯᠡᠯᠲᠡ ᠲᠠᠢ ᠵᠦᠪᠯᠡᠯᠭᠡ ᠪᠠᠷ ᠬᠠᠮᠤᠭ ᠤᠨ ᠥᠷᠭᠡᠨ ᠳᠡᠯᠭᠡᠷ ᠬᠦᠴᠦᠨ ᠢ ᠨᠢᠭᠲᠠᠷᠠᠭᠤᠯᠵᠤ᠂ ᠵᠠᠷᠤᠳ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠪᠤᠷᠢᠯᠠᠪᠠ᠃     ᠬᠤᠷᠠᠯ ᠳᠡᠭᠡᠷ᠎ᠡ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠳ᠋ ᠲᠡᠷᠢᠭᠦᠯᠡᠭᠴᠢ ᠦ᠋ ᠰᠢᠶᠣᠣ ᠤᠯᠤᠰ ᠲᠦᠷᠦ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠦᠯᠤᠭᠡᠯᠡᠵᠦ ᠶᠡᠭᠡ ᠬᠤᠷᠠᠯ ᠳᠤ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠬᠢᠪᠡ᠃    ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠬᠤᠰᠢᠭᠤᠨ ᠤ ᠤᠯᠤᠰ ᠲᠦᠷᠤ ᠶᠢᠨ ᠵᠥᠪᠯᠡᠯᠭᠡᠨ ᠤ ᠠᠷᠪᠠ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠨ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠡ ᠪᠠ ᠡᠯ᠎ᠡ ᠲᠤᠰᠬᠠᠢ ᠺᠣᠮᠢᠰ ᠨᠠᠶᠢᠲᠠ 129 ᠰᠠᠨᠠᠯ ᠳᠤᠷᠠᠳᠤᠯᠭ᠎ᠠ ᠲᠡᠪᠰᠢᠭᠦᠯᠪᠡ᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠺᠣᠮᠢᠰ ᠠᠴᠠ 112 ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠵᠤ᠂ ᠠᠳᠠᠯᠢ ᠲᠦᠷᠤᠯ ᠤᠨ 28 ᠰᠠᠨᠠᠯ ᠳᠤᠷᠠᠳᠤᠯᠭ᠎ᠠ ᠶᠢ ᠨᠡᠶᠢᠯᠡᠭᠦᠯᠦᠭᠰᠡᠨ ᠤ ᠲᠠᠷᠠᠭ᠎ᠠ 84 ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠲᠠᠩᠰᠠᠯᠠᠵᠤ᠂ ᠳᠠᠩᠰᠠᠯᠠᠭᠰᠠᠨ ᠦᠭᠡᠢ 17 ᠰᠠᠨᠠᠯ ᠳᠤᠷᠠᠳᠤᠯᠭ᠎ᠠ ᠶᠢ ᠬᠤᠯᠪᠣᠭᠳᠠᠯ ᠪᠤᠶᠢᠭᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠤᠳᠤᠯᠤᠨ ᠰᠢᠢᠳᠪᠤᠷᠢᠯᠠᠪᠠ᠃ 2022 ᠣᠨ ᠤ ᠡᠴᠦᠰ ᠪᠣᠯᠲᠠᠯ᠎ᠠ ᠰᠠᠨᠠᠯ ᠲᠤᠷᠠᠳᠤᠯᠭ᠎ᠠ ᠰᠢᠢᠳᠪᠦᠷᠢᠯᠡᠵᠦ ᠬᠠᠷᠢᠭᠤᠯᠲᠠ ᠦᠭᠭᠦᠭᠰᠡᠨ ᠨᠤᠷᠮ᠎ᠠ 100% ᠬᠦᠷᠴᠤ᠂ ᠭᠡᠰᠢᠭᠦᠳ ᠤᠨ ᠰᠡᠳᠬᠢᠯ ᠬᠠᠨᠤᠮᠵᠢᠲᠠᠶ ᠨᠤᠷᠮ᠎ᠠ 95% ᠬᠦᠷᠪᠡ᠃ ᠰᠠᠨᠠᠯ ᠲᠤᠷᠠᠳᠤᠯᠭ᠎ᠠ ᠳᠤᠷᠠᠳᠤᠭᠰᠠᠨ ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ ᠨᠢ 65 ᠬᠤᠪᠢ᠂ 77% ᠶᠢ ᠡᠵᠡᠯᠡᠨ᠎ᠡ︔ ᠤᠳᠦ ᠶᠠᠭ ᠰᠢᠢᠳᠪᠦᠷᠢᠯᠡᠵᠦ ᠪᠠᠶᠢᠭ᠎ᠠ ᠪᠤᠶᠤ ᠲᠥᠯᠥᠪᠯᠡᠭᠡ ᠳᠤ ᠣᠷᠣᠭᠤᠯᠤᠭᠠᠳ ᠠᠯᠬᠤᠮ ᠠᠯᠬᠤᠮ ᠢᠶᠠᠷ ᠰᠢᠢᠳᠪᠦᠷᠢᠯᠡᠵᠦ ᠪᠠᠶᠢᠭ᠎ᠠ ᠨᠢ 11 ᠵᠦᠢᠯ᠂ 13% ᠶᠢ ᠡᠵᠡᠯᠡᠨ᠎ᠡ︔ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠲᠦᠷ ᠰᠢᠢᠳᠪᠦᠷᠢᠯᠡᠭᠰᠡᠨ ᠦᠭᠡᠢ ᠪᠤᠶᠤ ᠯᠠᠪᠯᠠᠯᠲᠠ ᠪᠣᠯᠭᠠᠬᠤ ᠪᠠᠷ ᠦᠯᠡᠳᠡᠭᠡᠭᠰᠡᠨ ᠨᠢ 8 ᠵᠦᠢᠯ᠂ 10% ᠶᠢ ᠡᠵᠡᠯᠡᠨ᠎ᠡ᠃ ᠰᠠᠨᠠᠯ ᠳᠤᠷᠠᠳᠤᠯᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠶᠤᠨ ᠤᠬᠠᠭᠠᠨ ᠪᠠ ᠬᠠᠷᠢᠭᠤᠴᠠᠯᠭ᠎ᠠ ᠶᠢ ᠨᠢᠭᠲᠠᠷᠠᠭᠤᠯᠵᠤ᠂ ᠲᠤᠷᠠᠳᠤᠭᠰᠠᠨ ᠮᠠᠰᠢ ᠣᠯᠠᠨ ᠦᠵᠡᠯᠲᠡ ᠲᠠᠨᠢᠯᠲᠠ ᠲᠠᠢ᠂ ᠦᠨ᠎ᠡ ᠥᠷᠲᠡᠭ ᠲᠠᠢ ᠰᠠᠨᠠᠯ ᠲᠤᠷᠠᠳᠤᠯᠭ᠎ᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠠᠯᠠᠭ᠎ᠠ ᠮᠥᠴᠢᠷ ᠤᠨ ᠠᠵᠢᠯ ᠳᠤ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃    ᠢᠯᠡᠳᠬᠡᠯ ᠳᠤ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠮᠥᠨᠴᠦ ᠣᠳᠣᠬᠢᠴᠢᠯᠠᠭᠰᠠᠨ ᠵᠠᠷᠤᠳ ᠤᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠡᠬᠢᠯᠡᠯᠲᠡ ᠶᠢᠨ ᠵᠢᠯ ᠪᠣᠯᠣᠨ᠎ᠠ᠃ ᠪᠢᠳᠡ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠣᠷᠣᠨ ᠪᠠᠶᠢᠷᠢ ᠰᠢᠨ᠎ᠡ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠰᠢᠵᠦ᠂ ᠨᠠᠮ ᠵᠠᠰᠠᠭ ᠤᠨ ᠭᠤᠣᠯ ᠠᠵᠢᠯ ᠪᠠ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠯ ᠲᠤᠷᠠᠳᠤᠯᠭ᠎ᠠ ᠶᠢᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠯ ᠲᠤᠷᠠᠳᠤᠯᠭ᠎ᠠ ᠶᠢᠨ ᠠᠵᠢᠯ ᠤᠨ ᠲᠣᠭᠲᠠᠴᠠ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠰᠠᠨᠠᠯ ᠲᠤᠷᠠᠳᠤᠯᠭ᠎ᠠ ᠶᠢ ᠭᠦᠢᠴᠡᠳᠭᠡᠬᠦ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠰᠠᠨᠠᠯ ᠲᠤᠷᠠᠳᠤᠯᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠶᠡᠭᠡ ᠲᠠᠯ᠎ᠠ ᠳᠤ ᠦᠢᠯᠡᠴᠢᠯᠡᠬᠦ ᠳᠤ ᠠᠮᠵᠢᠯᠲᠠ ᠪᠦᠲᠦᠮᠵᠢ ᠭᠠᠷᠭᠠᠬᠤ᠂ ᠰᠠᠨᠠᠯ ᠲᠤᠷᠠᠳᠤᠯᠭ᠎ᠠ ᠳᠤᠷᠠᠳᠴᠤ ᠵᠠᠰᠠᠭ ᠤᠨ ᠶᠠᠪᠤᠳᠠᠯ ᠢ ᠵᠥᠪᠯᠡᠬᠦ ᠨᠢ ᠬᠡᠷᠡᠭᠴᠡᠭᠡ ᠲᠠᠢ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠤᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号