| ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠢᠶᠠᠨ ᠡᠬᠢᠯᠡᠭᠦᠯᠵᠦ᠂ ᠡᠷᠡᠮᠡᠬᠡᠶᠢᠯᠡᠨ ᠳᠠᠪᠰᠢᠵᠤ | ᠰᠢᠨ᠎ᠡ ᠬᠠᠭᠤᠳᠠᠰᠤ ᠶᠢ ᠪᠢᠴᠢᠭᠯᠡᠨ᠎ᠡ᠃ 1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠵᠠᠷᠤᠳ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠬᠤᠰᠢᠭᠤᠨ ᠤ ᠤᠬᠠᠭᠤᠯᠭ᠎ᠠ ᠰᠣᠶᠣᠯ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ | | | ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠲᠦᠭᠦᠮ ᠪᠣᠷᠣᠭᠵᠢᠭᠤᠨ᠂ | ᠲᠡᠷᠢᠭᠦᠯᠡᠭᠴᠢ ᠶᠢᠨ ᠲᠠᠶᠢᠰᠠᠨ ᠤ ᠬᠥᠰᠢᠭᠡ ᠶᠢᠨ ᠭᠤᠣᠯ ᠳᠤᠮᠳᠠᠬᠢ ᠤᠯᠤᠰ ᠤᠨ ᠰᠦᠯᠳᠡ ᠬᠤᠷᠴᠠ ᠤᠯᠠᠭᠠᠨ | ᠲᠤᠭ ᠤᠨ ᠨᠠᠮᠢᠷᠠᠭᠠᠨ ᠳᠣᠣᠷ᠎ᠠ ᠭᠡᠷᠡᠯ ᠭᠢᠯᠪᠠᠭ᠎ᠠ ᠰᠠᠴᠣᠷᠠᠨ᠎ᠠ᠃ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ | ᠹᠷᠣᠨᠲ ᠠᠴᠠ ᠬᠦᠷᠦᠯᠴᠡᠨ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠥᠬᠦ | ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠬᠤᠷᠠᠯ ᠤᠨ ᠲᠠᠯᠠᠪᠠᠶ ᠳᠤ ᠣᠷᠣᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ | ᠬᠠᠮᠲᠤ ᠪᠠᠷ ᠵᠢᠷᠤᠭᠯᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠦᠪᠯᠡᠨ᠎ᠡ᠃ | | | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠱᠤᠤ ᠶᠠᠨ ᠵᠢᠶᠦ᠋ᠨ᠂ ᠦ᠋ ᠴᠢᠩ ᠬᠠᠢ᠂ ᠯᠢᠦ ᠶᠦᠩ᠂ | ᠭᠦᠸᠧ ᠮᠢᠩ ᠴᠢᠶᠦ᠋ᠨ᠂ ᠪᠠᠲᠤ᠂ ᠯᠢᠦ ᠰᠢ ᠯᠢᠨ᠂ ᠪᠠᠢ ᠶᠠᠨ ᠰᠢᠤᠸᠠᠢ᠂ ᠪᠦᠦ ᠯᠦᠩ᠂ ᠵᠠᠩ ᠶᠦᠩ ᠴᠢᠶᠠᠩ᠂ | ᠵᠠᠩ ᠴᠦᠨ ᠬᠤᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠯᠢᠦ ᠶᠣᠤ᠂ ᠯᠢ ᠢᠦᠢ ᠹᠦ᠋᠂ | ᠶᠣᠣ ᠼᠠᠢ ᠶᠠᠨ᠂ ᠰᠦᠸᠧ ᠮᠢᠩ ᠢᠦᠢ᠂ ᠼᠤᠤ ᠢᠦᠢ ᠯᠦᠩ᠂ ᠦ᠋ ᠫᠧᠩ ᠹᠧᠢ᠂ ᠶᠠᠩ ᠵᠧᠨ ᠴᠢᠩ᠂ ᠮᠦ ᠲᠢᠶᠧ | ᠮᠢᠨ᠂ ᠳ᠋ᠢᠩ ᡁᠢ ᠭᠠᠩ᠂ ᠼᠦᠢ ᠯᠧᠢ ᠯᠧᠢ᠂ ᠭᠦᠸᠧ ᠶᠠ ᠹᠧᠩ᠂ ᠮᠦᠩᠭᠦᠨᠬᠤᠸᠠᠷ᠂ ᠦ᠋ ᠰᠢᠶᠣᠣ᠂ ᠳ᠋ᠠᠢ ᠪᠦᠦ | ᠯᠢᠨ᠂ ᠸᠠᠩ ᠴᠧᠩ᠂ ᠲᠣᠩᠭᠠᠯᠠᠭ᠂ ᠴᠢᠦᠢ ᠶᠧ ᠬᠤᠩ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠭᠡᠰᠢᠭᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠭᠳᠠᠪᠠ᠃ | | | | ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠦᠯᠦᠭᠡᠯᠡᠭᠴᠢ 198 ᠬᠦᠮᠦᠰ᠂ ᠲᠣᠰ ᠤᠳᠠᠭᠠᠨ ᠤ ᠪᠥᠬᠦᠳᠡ | ᠬᠤᠷᠠᠯᠳᠤᠭᠠᠨ ᠳᠤ 173 ᠬᠦᠮᠦᠰ ᠣᠷᠣᠯᠴᠠᠪᠠ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | | | | ᠶᠡᠭᠡ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ | ᠲᠡᠷᠢᠭᠦᠯᠡᠭᠴᠢ ᠦ᠋ ᠴᠢᠩ ᠬᠠᠢ ᠡᠷᠭᠢᠯᠡᠵᠦ᠂ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠡᠬᠢᠯᠡᠭᠰᠡᠨ ᠢ ᠵᠠᠷᠯᠠᠪᠠ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠰᠦᠷ | ᠵᠢᠪᠬᠤᠯᠠᠩᠲᠤ ᠬᠦᠭ ᠠᠶᠠᠰ ᠪᠦᠬᠦ ᠲᠠᠯᠠᠪᠠᠢ ᠳᠤ ᠴᠤᠤᠷᠢᠶᠠᠲᠤᠪᠠ᠃ | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ | ᠢᠯᠡᠳᠭᠡᠯ ᠢᠶᠠᠨ ᠭᠤᠷᠪᠠᠨ ᠬᠡᠰᠡᠭ ᠬᠤᠪᠢᠶᠠᠪᠠ᠄ ᠨᠢᠭᠡ ᠳᠤ 2022 ᠣᠨ ᠤ ᠠᠵᠢᠯ ᠤᠨ ᠡᠷᠭᠢᠴᠡᠭᠦᠯᠦᠯ︔ | ᠬᠤᠶᠠᠷ ᠲᠤ᠂ 2023 ᠣᠨ ᠤ ᠬᠠᠷᠠᠯᠲᠠ ᠡᠭᠦᠷᠭᠡ ᠪᠣᠯᠣᠨ ᠭᠤᠣᠯᠳᠠᠯᠭ᠎ᠠ ᠲᠠᠢ ᠠᠵᠢᠯ︔ ᠭᠤᠷᠪᠠ ᠳᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠬᠠᠨᠣᠮᠵᠢᠲᠠᠢ ᠵᠠᠰᠠᠭ ᠤᠨ ᠣᠷᠳᠣᠨ ᠢ ᠪᠦᠬᠦ | ᠬᠦᠴᠦᠨ ᠢᠶᠠᠷ ᠢᠶᠠᠨ ᠪᠠᠶᠢᠭᠤᠯᠣᠶ᠎ᠠ᠃ | ᠪᠠᠲᠤ ᠢᠯᠡᠷᠬᠡᠶᠢᠯᠡᠬᠦ ᠳᠡᠭᠡᠨ᠂ 2022 ᠣᠨ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠲᠤᠶᠢᠯ ᠤᠨ | ᠴᠢᠬᠤᠯᠠ ᠨᠢᠭᠡ ᠵᠢᠯ ᠮᠥᠨ᠂ ᠮᠦᠨᠴᠤ ᠵᠠᠷᠤᠳ ᠤᠨ ᠬᠥᠭᠵᠢᠯᠲᠡ ᠶᠢᠨ ᠲᠡᠦᠬᠡᠨ ᠲᠡᠭᠡᠷ᠎ᠡ ᠲᠤᠶᠢᠯ ᠤᠨ ᠶᠡᠷᠦ ᠪᠤᠰᠤ | ᠶᠢᠨ ᠨᠢᠭᠡ ᠵᠢᠯ ᠮᠥᠨ᠃ ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠶ ᠣᠷᠣᠭᠤᠳᠠᠬᠤ | ᠵᠡᠷᠭᠡ ᠣᠯᠠᠨ ᠳᠠᠪᠬᠤᠷ ᠳᠠᠷᠤᠯᠲᠠ ᠲᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂《 ᠬᠢᠵᠢᠭ ᠢ | ᠡᠷᠬᠡᠪᠰᠢ ᠰᠡᠷᠭᠡᠶᠢᠯᠡᠬᠦ᠂ ᠠᠵᠤ ᠠᠬᠤᠶ ᠶᠢ ᠡᠷᠬᠡᠪᠰᠢ ᠲᠣᠭᠲᠠᠭᠤᠨ ᠪᠠᠶᠢᠯᠭᠠᠬᠤ᠂ ᠬᠥᠭᠵᠢᠭᠦᠯᠬᠦ ᠳᠤ ᠡᠷᠬᠡᠪᠰᠢ ᠠᠮᠤᠷ | ᠲᠦᠪᠰᠢᠨ ᠪᠠᠶᠢᠬᠤ 》ᠭᠡᠬᠦ ᠴᠢᠬᠤᠯᠠ ᠱᠠᠭᠠᠷᠳᠠᠯᠭ᠎ᠠ ᠶᠢ ᠡᠷᠡᠰ ᠨᠠᠶᠢᠲᠠᠪᠣᠷᠢᠵᠢᠭᠤᠯᠣᠨ᠂ ᠬᠤᠰᠢᠭᠤ ᠨᠠᠮ ᠤᠨ | ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠬᠦᠴᠦᠲᠡᠶ ᠳᠡᠮᠵᠢᠯᠭᠡ ᠳᠣᠤᠷ᠎ᠠ᠂ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠨᠢᠭᠡᠳᠦᠯᠲᠡᠢ | ᠲᠦᠯᠤᠪᠵᠢᠭᠦᠯᠤᠨ᠂ ᠬᠦᠴᠦ ᠪᠠᠨ ᠲᠥᠪᠯᠡᠷᠡᠭᠦᠯᠦᠨ《 ᠠᠷᠪᠠᠨ ᠠᠵᠤ ᠦᠶᠯᠡᠰ 》 ᠤᠨ ᠪᠥᠲᠥᠭᠡᠨ ᠪᠠᠶᠢᠭᠤᠯᠤᠯᠲᠠ | ᠶᠢ ᠠᠬᠢᠭᠤᠯᠤᠨ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠴᠢᠩᠭ᠎ᠠ ᠲᠦᠰᠢᠭᠯᠡᠨ ᠡᠯ᠎ᠡ | ᠲᠥᠷᠥᠯ ᠤᠨ ᠠᠵᠢᠯ ᠦᠶᠯᠡᠰ ᠤᠨ ᠬᠥᠭᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠢᠨ᠎ᠡ ᠠᠮᠵᠢᠯᠲᠠ ᠪᠦᠲᠦᠮᠵᠢ ᠪᠠᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠪᠠᠶᠠᠷᠳᠠᠢ ᠤᠭᠳᠤᠪᠠ ᠭᠡᠪᠡ᠃ ᠪᠠᠲᠤ ᠠᠴᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠳᠤ ᠠᠩᠬᠠᠷᠤᠯ | ᠢᠶᠠᠨ ᠲᠥᠪᠯᠡᠷᠡᠭᠦᠯᠵᠦ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠡᠷᠭᠦᠨ ᠬᠦᠭᠵᠢᠭᠰᠡᠨ︔ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂《 ᠠᠷᠪᠠᠨ ᠠᠵᠤ ᠦᠢᠯᠡᠰ | 》ᠥᠷᠨᠢᠨ ᠬᠦᠭᠵᠢᠭᠰᠡᠨ︔ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠢ ᠠᠬᠤᠢ ᠶᠢᠨ ᠣᠷᠴᠢᠨ ᠲᠣᠭᠤᠷᠢᠨ ᠪᠦᠬᠦ ᠲᠠᠯ᠎ᠠ ᠪᠠᠷ ᠳᠡᠭᠡᠭᠰᠢᠯᠡᠭᠰᠡᠨ︔ ᠬᠠᠮᠠᠭᠠᠯᠠᠯᠲᠠ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠪᠦᠬᠦ ᠲᠠᠯ᠎ᠠ ᠪᠠᠷ | ᠳᠡᠭᠡᠭᠰᠢᠯᠡᠭᠰᠡᠨ︔ ᠣᠷᠣᠰᠢᠨ ᠠᠮᠢᠳᠤᠷᠠᠬᠤ ᠦᠶᠯᠡᠰ ᠪᠦᠲᠦᠭᠡᠬᠦ ᠳᠤ ᠲᠣᠬᠢᠷᠠᠮᠵᠢᠲᠠᠶ ᠪᠠᠶᠢᠬᠤ ᠳᠤ ᠠᠩᠬᠠᠷᠤᠯ ᠢᠶᠠᠨ | ᠲᠦᠪᠯᠡᠷᠡᠭᠦᠯᠦᠨ᠂ ᠬᠤᠲᠠ ᠬᠥᠳᠡᠭᠡ ᠣᠷᠣᠨ ᠪᠦᠰᠡ ᠵᠤᠬᠢᠴᠠᠨ ᠬᠦᠭᠵᠢᠭᠰᠡᠨ︔ ᠥᠭᠡᠷᠡᠴᠢᠯᠡᠯᠲᠡ ᠬᠢᠵᠦ ᠰᠢᠨ᠎ᠡ | ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ | ᠦᠭᠡᠢ ᠴᠢᠩᠭᠠᠳᠬᠠᠭᠰᠠᠨ︔ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ ᠳᠡᠭᠡᠭᠰᠢᠯᠡᠭᠰᠡᠨ ᠵᠡᠷᠭᠡ ᠵᠢᠷᠭᠤᠭᠠᠨ | ᠲᠠᠯ᠎ᠠ ᠪᠠᠷ ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠪᠡ᠃ | | | 2022 ᠣᠨ ᠤ ᠵᠠᠰᠠᠭ ᠤᠨ ᠣᠷᠳᠣᠨ ᠤ ᠠᠵᠢᠯ ᠢ ᠡᠷᠭᠢᠴᠡᠭᠦᠯᠦᠨ ᠳ᠋ᠦᠩᠨᠡᠬᠦ ᠳᠡᠭᠡᠨ ᠪᠠᠲᠤ ᠠᠴᠠ᠂ | ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠵᠦ ᠦᠵᠡᠪᠡᠯ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ᠂ ᠬᠦᠴᠦ ᠪᠠᠨ ᠬᠠᠮᠲᠤᠳᠬᠠᠨ ᠴᠠᠭ ᠦᠶ᠎ᠡ ᠶᠢᠨ ᠬᠦᠴᠢᠷ | ᠪᠡᠷᠬᠡ ᠶᠢ ᠬᠠᠮᠲᠤ ᠪᠠᠷ ᠲᠤᠭᠤᠯᠵᠤ᠂ ᠲᠦᠮᠡᠨ ᠤ ᠵᠣᠷᠢᠭ ᠨᠢᠭᠡᠳᠦᠨ ᠪᠤᠯᠤᠳ ᠬᠡᠷᠡᠮ ᠪᠠᠶᠢᠭᠤᠯᠵᠤ ᠴᠠᠭ ᠦᠶ᠎ᠡ ᠶᠢᠨ | ᠮᠠᠭᠲᠠᠭᠠᠯ ᠳᠠᠭᠤᠤ ᠶᠢ ᠪᠢᠴᠢᠭᠯᠡᠭᠰᠡᠨ ᠪᠠᠶᠢᠨ᠎ᠠ᠃ ᠠᠵᠤ ᠠᠬᠤᠶ ᠣᠷᠣᠭᠤᠳᠠᠭᠰᠠᠨ ᠳᠠᠷᠤᠯᠲᠠ ᠶᠢᠨ ᠡᠮᠦᠨ᠎ᠡ᠂ | ᠬᠤᠰᠢᠭᠤ ᠳᠠᠶᠠᠭᠠᠷ ᠪᠠᠷ ᠢᠶᠠᠨ ᠬᠥᠪᠴᠢ ᠪᠠᠨ ᠴᠢᠩᠭᠠᠯᠠᠨ ᠨᠤᠮᠤ ᠪᠠᠨ ᠲᠡᠯᠡᠵᠦ᠂ ᠥᠷᠯᠥᠭᠡ ᠦᠳᠡᠰᠢ ᠶᠢ ᠲᠡᠮᠡᠴᠡᠬᠦ | ᠵᠣᠷᠢᠭ ᠰᠠᠨᠠᠭ᠎ᠠ᠂ ᠰᠢᠨᠲᠠᠷᠠᠰᠢ ᠥᠬᠡᠶ ᠬᠠᠲᠠᠨ ᠵᠣᠷᠢᠭ ᠢᠶᠠᠷ ᠠᠷᠠᠯᠵᠢᠶᠠᠴᠢᠨ ᠤᠷᠢᠬᠤ᠂ ᠲᠥᠷᠥᠯ ᠵᠦᠶᠯ ᠲᠠᠲᠠᠵᠤ᠂ | ᠨᠡᠬᠡᠬᠡᠨ ᠭᠦᠢᠴᠡᠵᠦ ᠳᠠᠪᠠᠨ ᠭᠠᠷᠬᠤ᠂ ᠬᠦᠴᠢᠷ ᠢ ᠰᠥᠷᠥᠨ ᠤᠷᠤᠭᠰᠢᠯᠠᠬᠤ ᠲᠡᠮᠡᠴᠡᠯ ᠤᠨ ᠳᠠᠭᠤᠤ ᠶᠢ ᠪᠥᠬᠦ ᠲᠠᠯ᠎ᠠ | ᠪᠠᠷ ᠬᠠᠩᠭᠢᠨᠠᠭᠤᠯᠪᠠ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠨᠠᠮ | ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠶᠢᠨ | ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠶ ᠬᠢᠨᠠᠯᠲᠠ ᠲᠠᠯᠪᠢᠭᠰᠠᠨ ᠪᠠ ᠬᠦᠴᠦᠲᠡᠶ ᠳᠡᠮᠵᠢᠯᠭᠡ | ᠶᠢᠨ ᠦᠷ᠎ᠡ ᠳ᠋ᠦᠩ ᠮᠥᠨ᠂ ᠬᠤᠰᠢᠭᠤ ᠳᠠᠶᠠᠭᠠᠷ ᠢᠶᠠᠷ ᠢᠶᠠᠨ ᠬᠦᠴᠢᠷ ᠢ ᠲᠡᠰᠪᠦᠷᠢᠯᠡᠨ᠂ ᠪᠦᠯᠬᠦᠮᠳᠡᠨ ᠲᠡᠮᠡᠴᠡᠭᠰᠡᠨ ᠤ | ᠦᠷ᠎ᠡ ᠳ᠋ᠦᠩ ᠮᠥᠨ ᠭᠡᠪᠡ᠃ ᠪᠠᠲᠤ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ | ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ | ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠣᠷᠳᠣ ᠬᠤᠭᠤᠴᠠᠭ᠎ᠠ ᠡᠷᠡᠯᠬᠡᠭᠯᠡᠨ ᠲᠡᠮᠡᠴᠡᠵᠦ᠂ ᠰᠥᠷᠴᠦ ᠶᠠᠪᠤᠭᠰᠠᠨ | ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠨᠡᠶᠢᠭᠡᠮ | ᠲᠣᠭᠤᠷᠢᠭ ᠤᠨ ᠠᠵᠢᠯᠲᠠᠨ ᠪᠣᠯᠤᠨ ᠥᠷᠭᠡᠨ ᠣᠯᠠᠨ ᠰᠠᠶᠢᠨ ᠳᠤᠷᠠᠴᠤᠳ᠂ ᠵᠠᠷᠤᠳ ᠬᠤᠰᠢᠭᠤᠨ ᠤ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠶ ᠪᠥᠬᠦᠶ ᠨᠠᠶᠢᠵᠠ ᠨᠠᠷ ᠲᠤ ᠡᠷᠬᠢᠮ ᠳᠡᠭᠡᠳᠦ | ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠪᠡ︕ | | | ᠪᠠᠲᠤ ᠢᠯᠡᠳᠭᠡᠯ ᠳᠡᠭᠡᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠠᠩᠬᠠᠨ ᠤ ᠵᠢᠯ ᠮᠥᠨ᠂ ᠪᠠᠰᠠ ᠴᠤ ᠰᠢᠨ᠎ᠡ ᠴᠠᠭ ᠦᠶ᠎ᠡ | ᠳᠤ ᠨᠡᠭᠡᠨ ᠭᠦᠢᠴᠡᠬᠦ ᠪᠠ ᠳᠠᠪᠠᠵᠤ ᠭᠠᠷᠬᠤ ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠠᠵᠢᠯ ᠢᠶᠠᠨ ᠰᠠᠶᠢᠨ ᠬᠢᠬᠦ | ᠳᠤ᠂ ᠪᠢᠳᠡ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ | ᠲᠦᠩᠯᠢᠶᠣᠤ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠢ ᠪᠠᠷᠢᠮᠳᠠᠯᠠᠨ᠂ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠲᠦᠯᠤᠪᠵᠢᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠦᠯᠤᠪᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡ ᠶᠢ ᠪᠠᠲᠤ | ᠰᠠᠬᠢᠵᠦ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠦ᠂ | ᠦᠷᠭᠦᠯᠵᠢᠯᠡᠨ ᠪᠣᠭᠤᠮᠲᠠ ᠰᠢᠪᠲᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂《 | ᠠᠷᠪᠠᠨ ᠠᠵᠤ ᠦᠢᠯᠡᠰ 》 ᠢ ᠬᠥᠭᠵᠢᠭᠦᠯᠦᠨ ᠪᠤᠵᠠᠭᠠᠶᠢᠷᠠᠭᠤᠯᠵᠦ᠂ ᠠᠷᠭ᠎ᠠ ᠵᠠᠮ ᠰᠦᠪᠡᠭᠴᠢᠯᠡᠵᠦ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠦ᠂ ᠠᠵᠤ ᠠᠬᠤᠶ ᠶᠢᠨ ᠠᠵᠢᠯᠯᠠᠭᠠᠨ ᠤ ᠪᠥᠬᠦ ᠲᠠᠯ᠎ᠠ ᠪᠠᠷ | ᠵᠦᠶ ᠵᠣᠬᠢᠰᠲᠠᠶ ᠣᠷᠣᠨ ᠵᠠᠶ ᠳᠤ ᠪᠤᠴᠠᠬᠤ ᠶᠢ ᠠᠬᠢᠭᠤᠯᠵᠦ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ | ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠵᠠᠷᠤᠳ ᠢ ᠪᠦᠬᠦ ᠲᠠᠯ᠎ᠠ | ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠤᠯᠭᠠᠨ᠎ᠠ ᠭᠡᠪᠡ᠃ | | | ᠪᠠᠲᠤ ᠢᠯᠡᠳᠭᠡᠯ ᠳᠡᠭᠡᠨ 2023 ᠣᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% | ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 40% ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 9% ᠨᠡᠮᠡᠭᠳᠡᠭᠦᠯᠦᠨ᠎ᠡ︔ ᠨᠡᠶᠢᠭᠡᠮ | ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 7% ᠨᠡᠮᠡᠭᠳᠡᠭᠦᠯᠦᠨ᠎ᠡ︔ ᠡᠩ | ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠨᠡᠮᠡᠭᠳᠡᠭᠦᠯᠦᠨ᠎ᠡ︔ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠪᠦᠷᠢ 6% ᠪᠠ 8% | ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 5% ᠶᠢᠨ ᠳᠣᠲᠣᠷ᠎ᠠ | ᠬᠢᠵᠠᠭᠠᠷᠯᠠᠨ᠎ᠠ ᠭᠡᠪᠡ᠃ ᠡᠮᠦᠨ᠎ᠡ ᠶᠠᠷᠢᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂ ᠪᠠᠲᠤ ᠢᠯᠡᠳᠭᠡᠯ ᠳᠡᠭᠡᠨ | 2023 ᠣᠨ ᠤ ᠵᠠᠰᠠᠭ ᠤᠨ ᠣᠷᠳᠣᠨ ᠬᠢᠨ ᠭᠤᠣᠯᠳᠠᠭᠤ ᠳᠠᠷᠠᠭᠠᠬᠢ ᠳᠣᠯᠣᠭᠠᠨ ᠲᠠᠯ᠎ᠠ ᠠᠴᠠ ᠠᠵᠢᠯ ᠢᠶᠠᠨ | ᠠᠳᠬᠤᠬᠤ ᠶᠢ ᠳᠣᠷᠠᠳᠪᠠ᠄ ( ᠨᠢᠭᠡ ) ᠠᠵᠤ ᠦᠢᠯᠡᠰ ᠤᠨ ᠬᠡᠯᠬᠢᠶ᠎ᠡ ᠶᠢ ᠲᠡᠰ ᠳᠡᠪᠰᠢᠭᠦᠯᠬᠦ ᠲᠡᠭᠡᠷ᠎ᠡ ᠲᠠᠬᠢᠨ | ᠬᠦᠴᠦᠯᠡᠵᠦ᠂ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠤᠨ᠎ᠠ᠃《 ᠠᠷᠪᠠᠨ ᠠᠵᠤ | ᠦᠢᠯᠡᠰ 》 ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠣᠯᠣᠭᠠᠶᠢᠯᠠᠭᠴᠢ ᠶᠢ | ᠠᠳᠬᠤᠵᠤ᠂ ᠬᠡᠯᠬᠢᠶ᠎ᠡ ᠶᠢ ᠤᠷᠲᠤᠳᠬᠠᠨ᠂ ᠴᠤᠭᠯᠠᠷᠠᠯ ᠢ ᠪᠠᠶᠢᠭᠤᠯᠵᠤ᠂ ᠪᠣᠳᠠᠲᠤ ᠴᠤᠭᠴᠠ ᠶᠢᠨ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠣᠨᠴᠠᠯᠢᠭ ᠢᠯᠡ ᠲᠣᠳᠣ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ( ᠬᠤᠶᠠᠷ ) ᠬᠤᠳᠠᠯᠳᠣᠭᠠᠴᠢᠨ ᠤᠷᠢᠵᠤ ᠪᠠᠯᠠ | ᠲᠠᠲᠠᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ | ᠪᠦᠲᠦᠮᠵᠢᠲᠡᠶ ᠪᠠᠯᠠ ᠣᠷᠣᠭᠤᠯᠣᠨ ᠰᠢᠨ᠎ᠡ ᠬᠥᠳᠡᠯᠭᠡᠬᠦ ᠬᠦᠴᠦᠨ ᠢᠶᠠᠨ ᠴᠢᠩᠭᠠᠷᠠᠭᠤᠯᠤᠨ᠎ᠠ᠃ ᠣᠷᠢᠬᠤ ᠲᠠᠲᠠᠬᠤ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠪᠠ ᠣᠷᠢᠬᠤ ᠲᠠᠲᠠᠬᠤ ᠠᠵᠢᠯ ᠢᠶᠠᠨ ᠴᠢᠩᠭᠠᠳᠬᠠᠬᠤ ᠶᠢ ᠪᠠᠷᠢᠮᠲᠠᠯᠠᠵᠤ᠂ | ᠴᠠᠭ ᠮᠥᠴᠡ ᠲᠠᠢ ᠤᠷᠤᠯᠳᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠪᠠᠯᠠ ᠣᠷᠣᠭᠤᠯᠤᠯᠲᠠ ᠶᠢ | ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠳᠠᠯ ᠬᠤᠷᠠᠮᠳᠤᠭᠤᠯᠵᠤ᠂ | ᠬᠤᠷᠳᠣᠴᠠ ᠨᠡᠮᠡᠭᠳᠡᠬᠦ ᠳᠤ ᠬᠦᠴᠦᠨ ᠨᠡᠮᠡᠨ᠎ᠡ᠃ ( ᠭᠤᠷᠪᠠ ) ᠦᠷ᠎ᠡ ᠪᠦᠲᠦᠭᠡᠯ ᠢᠶᠠᠨ ᠪᠠᠬᠢᠵᠢᠭᠦᠯᠬᠦ ᠪᠠ | ᠰᠠᠭᠤᠷᠢ ᠪᠠᠨ ᠬᠦᠴᠦᠷᠭᠡᠭᠵᠢᠭᠦᠯᠬᠦ ᠳᠡᠭᠡᠷ᠎ᠡ ᠲᠠᠬᠢᠨ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠪᠠ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠶᠠᠷ ᠨᠠᠭᠠᠲᠤ | ᠵᠠᠬ᠎ᠠ ᠶᠢᠨ ᠱᠤᠭᠤᠮ ᠢ ᠪᠠᠲᠤ ᠰᠠᠬᠢᠵᠤ᠂ ᠮᠠᠯ ᠠᠵᠤ ᠠᠬᠤᠶ ᠲᠠᠷᠢᠶᠠᠯᠠᠩ ᠪᠠ ᠬᠦᠳᠡᠭᠡ ᠲᠣᠰᠬᠤᠨ ᠮᠠᠯᠵᠢᠬᠤ ᠣᠷᠣᠨ | ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ | ᠶᠢ ᠠᠬᠢᠭᠤᠯᠤᠨ᠎ᠠ ᠃ ( ᠳᠥᠷᠪᠡ ) ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ | ᠬᠦᠴᠦᠯᠡᠵᠦ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠬᠤᠰᠢᠭᠤ | ᠴᠠᠷᠠᠭ᠎ᠠ ᠶᠢᠨ ᠣᠷᠣᠨ ᠵᠠᠢ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠪᠠ ᠣᠷᠣᠨ ᠪᠦᠰᠡ ᠠᠭᠤᠰᠤᠯᠴᠠᠭᠰᠠᠨ᠂ | ᠠᠵᠢᠯᠯᠠᠵᠤ ᠠᠮᠢᠳᠤᠷᠠᠬᠤ ᠳᠤ ᠲᠠᠭᠠᠯᠠᠮᠵᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ | ᠡᠭᠦᠳᠦᠨ ᠪᠠᠶᠢᠭᠤᠯᠤᠨ᠎ᠠ ᠃ ( ᠲᠠᠪᠤ ) ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠳᠠᠬᠢᠨᠲᠠ | ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠨᠠᠷ | ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠶᠯᠡᠴᠢᠯᠡᠵᠦ᠂ | ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠤᠯᠬᠤ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠤᠯᠬᠤ | ᠂ ᠨᠡᠭᠡᠭᠡᠯᠲᠡ ᠠᠴᠠ ᠠᠰᠢᠭ ᠤᠯᠬᠤ ᠶᠢ ᠪᠠᠷᠢᠮᠲᠠᠯᠠᠵᠤ᠂ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢᠶᠠᠨ | ᠲᠠᠰᠤᠷᠠᠯᠲᠠ ᠥᠬᠡᠶ ᠪᠠᠳᠠᠷᠠᠭᠤᠯᠣᠨ᠎ᠠ᠃ ( ᠵᠢᠷᠭᠤᠭ᠎ᠠ ) ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠳᠠᠬᠢᠨᠲᠠ | ᠬᠦᠴᠦᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ ᠰᠢᠨ᠎ᠡ ᠭᠡᠷ ᠣᠷᠣᠨ ᠢᠶᠠᠨ | ᠪᠦᠲᠦᠭᠡᠨ ᠪᠠᠶᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠢᠮᠠᠭᠲᠠ ᠪᠠᠲᠤᠯᠠᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠠᠬᠢᠭᠤᠯᠵᠤ᠂ ᠠᠷᠠᠳ ᠣᠯᠠᠨ ᠳᠤ ᠠᠮᠢ ᠠᠬᠤᠶ ᠣᠷᠴᠢᠨ ᠲᠣᠭᠤᠷᠢᠨ ᠰᠠᠶᠢᠵᠢᠷᠠᠭᠰᠠᠨ ᠢ ᠦᠨᠡᠨ ᠬᠦ | ᠮᠡᠳᠡᠷᠡᠭᠦᠯᠦᠨ᠎ᠡ᠃ ( ᠳᠣᠯᠤᠭ᠎ᠠ ) ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠳᠠᠬᠢᠨᠲᠠ | ᠬᠦᠴᠦᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠠᠷᠠᠳ ᠤᠨ | ᠠᠮᠢᠳᠤᠷᠠᠯ ᠤᠨ ᠭᠤᠣᠯᠳᠠᠯᠭ᠎ᠠ ᠶᠢᠨ ᠲᠣᠭᠤᠷᠢᠨ ᠳᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠪᠦᠬᠦ | ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠨ᠎ᠠ ᠭᠡᠪᠡ᠃ | ᠠᠷᠠᠳ ᠲᠦᠮᠡᠨ ᠬᠠᠨᠣᠮᠵᠢᠲᠠᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠲᠤᠬᠠᠢ᠂ ᠪᠠᠲᠤ | ᠬᠡᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠬᠢᠷᠢ | ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ | ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠠᠳᠬᠤᠵᠤ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠪᠣᠳᠠᠲᠠᠶ ᠠᠵᠢᠯ ᠬᠢᠵᠦ᠂ ᠠᠷᠢᠭᠤᠨ ᠴᠢᠬᠡᠴᠢ ᠪᠠᠷ ᠦᠶᠯᠡᠰ ᠪᠦᠲᠦᠭᠡᠵᠦ᠂ ᠵᠠᠷᠣᠳ ᠤᠨ ᠶᠠᠪᠤᠳᠠᠯ᠂ | ᠵᠠᠷᠣᠳ ᠤᠨ ᠠᠷᠠᠳ ᠢᠷᠭᠡᠳ ᠤᠨ ᠶᠠᠪᠤᠳᠠᠯ ᠢ ᠰᠠᠶᠢᠲᠤᠷ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ | ᠵᠠᠰᠠᠭ ᠤᠨ ᠣᠷᠳᠣᠨ ᠢ ᠪᠠᠶᠢᠭᠤᠯᠤᠨ᠎ᠠ ᠭᠡᠪᠡ᠃ | ᠪᠠᠲᠤ ᠢᠯᠡᠳᠭᠡᠯ ᠤᠨ ᠲᠡᠭᠦᠰᠭᠡᠯ ᠳᠤ ᠪᠠᠨ ᠬᠡᠯᠡᠭᠰᠡᠨ ᠨᠢ᠂ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ | ᠬᠠᠷᠢᠭᠤᠴᠠᠯᠭ᠎ᠠ ᠨᠠᠶᠢᠳᠠᠵᠤ᠂ ᠰᠢᠨ᠎ᠡ ᠠᠶᠠᠨ ᠠᠴᠠ ᠰᠢᠨ᠎ᠡ ᠡᠭᠦᠷᠭᠡᠯᠡᠯ ᠤᠷᠢᠶᠠᠯᠠᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠬᠠᠭᠤᠯᠤᠨ ᠲᠤᠤᠱᠯᠠᠭᠤᠯᠵᠤ᠂ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠷᠴᠢ ᠵᠣᠷᠢᠭ ᠢᠶᠠᠨ ᠬᠥᠪᠴᠢᠯᠡᠨ᠂ | ᠪᠦᠯᠬᠦᠮᠳᠡᠨ ᠨᠢᠭᠡᠳᠴᠦ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠵᠠᠷᠤᠳ ᠬᠤᠰᠢᠭᠤᠨ ᠤ ᠣᠳᠣᠬᠢᠴᠢᠯᠠᠭᠰᠠᠨ | ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠭᠦᠳᠦᠨ ᠨᠡᠬᠡᠬᠡᠬᠦ ᠶᠢᠨ ᠲᠥᠯᠥᠭᠡ ᠴᠥᠬᠦᠷᠡᠰᠢ | ᠥᠬᠡᠶ ᠲᠡᠮᠡᠴᠡᠵᠡᠭᠡᠶ᠎ᠡ ᠭᠡᠪᠡ︕ | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ ︽ | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠴᠦ ᠪᠠᠲᠣᠯᠠᠨ ᠲᠣᠭᠲᠠᠭᠠᠭᠰᠠᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠰᠡᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ | ᠮᠡᠳᠡᠭᠦᠯᠦᠯᠲᠡ︾ ᠬᠢᠪᠡ᠃ | ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠬᠤᠷᠠᠯ ᠠᠴᠠ ᠵᠠᠷᠤᠳ ᠬᠤᠰᠢᠭᠤᠨ ᠤ 2022 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ | ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ ᠵᠠᠷᠤᠳ ᠬᠤᠰᠢᠭᠤᠨ ᠤ 2022 ᠣᠨ ᠤ ᠡᠳ᠋ ᠤᠨ | ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠵᠢᠴᠢ 2023 ᠣᠨ ᠤ ᠡᠳ᠋ ᠤᠨ ᠵᠠᠰᠠᠭ ᠤᠨ ᠲᠥᠰᠥᠪ ᠤᠨ | ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ | ᠵᠦᠪᠯᠡᠪᠡ︔ ᠵᠠᠷᠤᠳ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠥᠯ︶ ᠪᠣᠯᠣᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠯᠧᠲ ᠥᠭᠴᠦ ᠪᠠᠲᠣᠯᠠᠬᠤ ᠠᠷᠭ᠎ᠠ ︵ᠲᠥᠰᠥᠯ︶ ᠶᠢ ᠬᠢᠨᠠᠨ ᠵᠥᠪᠯᠡᠪᠡ᠃ | ᠬᠠᠤᠯᠢ ᠪᠠᠷ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠭᠡᠳᠡᠭ ᠨᠢ᠂ ᠵᠠᠷᠤᠳ ᠬᠤᠰᠢᠭᠤᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠵᠢᠷᠭᠤᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠵᠢᠴᠢ ᠤᠯᠤᠰ ᠲᠦᠷᠦ ᠶᠢᠨ | ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ | ᠬᠤᠷᠠᠯᠳᠤᠭᠠᠨ ᠳᠤ ᠣᠷᠣᠯᠴᠠᠭᠰᠠᠨ ᠪᠦᠭᠦ ᠭᠡᠰᠢᠭᠦᠳ ᠲᠤᠰ ᠤᠳᠠᠭᠠᠨ ᠤ ᠬᠤᠷᠠᠯᠳᠤᠭᠠᠨ ᠳᠤ ᠰᠤᠯᠠ ᠣᠷᠣᠯᠴᠠᠪᠠ᠃ | | | |