| | 1 ᠰᠠᠷ᠎ᠠ ᠶᠢᠨ 6 ᠤ ᠡᠳᠦᠷ᠂ ᠴᠢᠪᠠᠭᠠᠲᠤ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠰᠠᠶᠢᠨ ᠳᠣᠷᠠᠴᠣᠳ ᠢ ᠵᠣᠬᠢᠶᠠᠨ ᠪᠠᠶᠢᠭᠤᠯᠵᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠠᠵᠢᠯᠯᠠᠭ᠎ᠠ ᠨᠢ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠬᠤᠢ ᠲᠠᠯᠠᠪᠠᠢ ᠳᠤ ᠲᠠᠶᠢᠯᠤᠮᠵᠢ ᠬᠢᠬᠦ ᠠᠷᠭ᠎ᠠ | ᠮᠠᠶ᠋ᠢᠭ ᠢᠶᠠᠷ ᠳᠠᠮᠵᠢᠨ᠂ ᠣᠯᠠᠨ ᠲᠦᠮᠡᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠤᠬᠠᠭᠤᠯᠬᠤ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠤᠯᠴᠠᠬᠤ ᠬᠡᠪᠴᠢᠶ᠎ᠡ᠂ ᠴᠤᠪᠤᠷᠠᠯ᠂ ᠬᠡᠷᠡᠭᠰᠡᠬᠦ ᠮᠠᠲ᠋ᠧᠷᠢᠶᠠᠯ᠂ ᠰᠦᠢᠳᠬᠡᠯ ᠲᠤᠰᠢᠶᠠᠬᠤ ᠲᠠᠰ᠂ ᠨᠥᠬᠦᠪᠦᠷᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠠᠰᠠᠷᠠᠮᠵᠢ ᠬᠠᠷᠠᠭᠠᠯᠵᠠᠯ ᠶᠢᠨ ᠠᠪᠬᠤ ᠠᠪᠤᠭᠰᠠᠨ ᠵᠡᠷᠭᠡ ᠪᠠᠶᠢᠳᠠᠯ ᠤᠨ | ᠲᠤᠬᠠᠢ ᠨᠠᠷᠢᠨ ᠲᠣᠳᠣᠷᠬᠠᠢ ᠲᠠᠶᠢᠯᠪᠤᠷᠢᠯᠠᠯᠲᠠ ᠬᠢᠪᠡ᠃ | | | | |