ᠵᠠᠷᠤᠳ ᠬᠤᠰᠢᠭᠤ 2023 ᠣᠨ ᠤ ᠴᠠᠭᠠᠨ ᠰᠠᠷ᠎ᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/1/9
      1 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ 2023 ᠣᠨ ᠤ ᠴᠠᠭᠠᠨ ᠰᠠᠷ᠎ᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠵᠢᠴᠢ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠠᠵᠢᠯᠲᠠᠳ ᠪᠠᠰᠠ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠵᠢᠯᠣᠭᠤᠴᠢ ᠪᠠ ᠠᠶᠠᠨᠴᠢᠳ ᠢ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠬᠤᠷᠲᠤ ᠬᠡᠲᠦᠷᠡᠬᠦ᠂ ᠳᠠᠭᠠᠭᠠᠴᠠ ᠬᠡᠲᠦᠷᠡᠬᠦ ᠦᠵᠡᠭᠳᠡᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠠᠮᠤᠷ ᠠᠮᠤᠭᠤᠯᠠᠩ ᠴᠠᠭᠠᠨ ᠰᠠᠷ᠎ᠠ ᠶᠢᠨ ᠠᠶᠠᠨᠴᠢᠳ ᠤᠨ ᠲᠡᠭᠡᠭᠡᠪᠦᠷᠢ᠂ ᠡᠶ᠎ᠡ ᠵᠣᠬᠢᠴᠠᠯ ᠲᠠᠢ ᠴᠠᠭᠠᠨ ᠰᠠᠷ᠎ᠠ ᠶᠢᠨ ᠠᠶᠠᠨᠴᠢᠳ ᠤᠨ ᠲᠡᠭᠡᠭᠡᠪᠦᠷᠢ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠤᠷᠢᠶᠠᠯᠠᠪᠠ᠃ ᠣᠶᠢᠯᠠᠭᠠᠭᠰᠠᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠶᠠᠨᠴᠢᠳ ᠤᠨ ᠲᠡᠭᠡᠭᠡᠪᠦᠷᠢ ᠨᠢ 1 ᠰᠠᠷ᠎ᠠ ᠶᠢᠨ 7 ᠤ ᠡᠳᠦᠷ ᠠᠴᠠ 2 ᠰᠠᠷ᠎ᠠ ᠶᠢᠨ 15 ᠤ ᠡᠳᠦᠷ ᠪᠣᠯᠲᠠᠯ᠎ᠠ 40 ᠡᠳᠦᠷ ᠶᠠᠪᠤᠭᠳᠠᠨ᠎ᠠ᠃
470ebe3ad4d4d43bc70bf74ae5baa78.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号