ᠵᠠᠷᠤᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠱᠣᠩ ᠶᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/1/9
    ᠣᠶᠢᠷ᠎ᠠ ᠳᠤ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠢᠨ ᠡᠯ᠎ᠡ ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠬᠦ ᠬᠦᠴᠦᠨ ᠢᠶᠠᠨ ᠲᠥᠪᠯᠡᠷᠡᠭᠦᠯᠵᠦ᠂ ᠬᠠᠷᠢᠶ᠎ᠠ ᠣᠷᠣᠨ ᠤ ᠳᠣᠲᠣᠷᠠᠬᠢ ᠡᠯ᠎ᠡ ᠰᠠᠭᠤᠭᠠᠯᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠥᠪᠯᠡᠷᠡᠭᠦᠯᠦᠨ ᠴᠡᠨᠡᠭᠯᠡᠬᠦ ᠱᠣᠩ ᠢ ᠤᠭᠰᠠᠷᠠᠭᠰᠠᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠪᠠᠨ ︽ᠲᠡᠭᠦᠵᠢᠯᠡᠭᠡ ᠤᠲᠠᠰᠤ︾  ᠪᠠᠷ ᠴᠡᠨᠡᠭᠯᠡᠵᠦ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠬᠠᠮᠲᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠡ ᠶᠢ ᠱᠠᠭᠠᠷᠳᠠᠨ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠴᠠᠬᠢᠯᠭᠠᠨ ᠬᠥᠳᠡᠯᠭᠡᠭᠦᠷᠲᠦ ᠲᠡᠷᠭᠡ ᠲᠥᠪᠯᠡᠷᠡᠭᠦᠯᠦᠨ ᠴᠡᠨᠡᠭᠯᠡᠬᠦ ᠱᠣᠩ ᠢ ᠴᠠᠭ ᠲᠤᠬᠠᠢ  ᠳᠤᠨᠢ ᠤᠭᠰᠠᠷᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠠᠵᠢᠯᠯᠠᠭᠠᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠭᠠᠯ ᠤᠨ ᠭᠠᠮᠰᠢᠭ ᠤᠨ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠪᠠ᠃
0fdc400fb3a410ba48e5162a5dfbaf8.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号