ᠦᠰᠦᠭ ᠲᠠᠶᠢᠯᠤᠮᠵᠢ᠄  2023 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2023/1/9
    ᠨᠢᠭᠡ᠂ 2022 ᠣᠨ ᠤ ᠠᠵᠢᠯ ᠤᠨ ᠡᠷᠭᠢᠴᠡᠭᠦᠯᠦᠯ     ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠲᠤᠶᠢᠯ ᠤᠨ ᠴᠢᠬᠤᠯᠠ ᠨᠢᠭᠡ ᠵᠢᠯ ᠮᠥᠨ ᠂ ᠮᠦᠨᠴᠤ ᠵᠠᠷᠤᠳ ᠤᠨ ᠬᠥᠭᠵᠢᠯᠲᠡ ᠶᠢᠨ ᠲᠡᠦᠬᠡᠨ  ᠲᠡᠭᠡᠷ᠎ᠡ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠶ ᠣᠷᠣᠭᠤᠳᠠᠬᠤ ᠵᠡᠷᠭᠡ ᠣᠯᠠᠨ ᠳᠠᠪᠬᠤᠷ ᠳᠠᠷᠤᠯᠲᠠ ᠲᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂《 ᠬᠢᠵᠢᠭ ᠢ ᠡᠷᠬᠡᠪᠰᠢ ᠰᠡᠷᠭᠡᠶᠢᠯᠡᠬᠦ᠂ ᠠᠵᠤ ᠠᠬᠤᠶ ᠶᠢ ᠡᠷᠬᠡᠪᠰᠢ ᠲᠣᠭᠲᠠᠭᠤᠨ ᠪᠠᠶᠢᠯᠭᠠᠬᠤ᠂ ᠬᠥᠭᠵᠢᠭᠦᠯᠬᠦ ᠳᠤ ᠡᠷᠬᠡᠪᠰᠢ ᠠᠮᠤᠷ ᠲᠦᠪᠰᠢᠨ ᠪᠠᠶᠢᠬᠤ 》ᠭᠡᠬᠦ ᠴᠢᠬᠤᠯᠠ ᠱᠠᠭᠠᠷᠳᠠᠯᠭ᠎ᠠ ᠶᠢ ᠡᠷᠡᠰ ᠨᠠᠶᠢᠲᠠᠪᠣᠷᠢᠵᠢᠭᠤᠯᠣᠨ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠬᠦᠴᠦᠲᠡᠶ ᠳᠡᠮᠵᠢᠯᠭᠡ ᠳᠣᠤᠷ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠨᠢᠭᠡᠳᠦᠯᠲᠡᠢ ᠲᠦᠯᠤᠪᠵᠢᠭᠦᠯᠤᠨ᠂ ᠬᠦᠴᠦ ᠪᠠᠨ ᠲᠥᠪᠯᠡᠷᠡᠭᠦᠯᠦᠨ《 ᠠᠷᠪᠠᠨ ᠠᠵᠤ ᠦᠶᠯᠡᠰ 》 ᠤᠨ ᠪᠥᠲᠥᠭᠡᠨ ᠪᠠᠶᠢᠭᠤᠯᠤᠯᠲᠠ  ᠶᠢ ᠠᠬᠢᠭᠤᠯᠤᠨ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠴᠢᠩᠭ᠎ᠠ ᠲᠦᠰᠢᠭᠯᠡᠨ ᠡᠯ᠎ᠡ ᠲᠥᠷᠥᠯ ᠤᠨ ᠠᠵᠢᠯ ᠦᠶᠯᠡᠰ ᠤᠨ ᠬᠥᠭᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠪᠠᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠳᠠᠢ ᠤᠭᠳᠤᠪᠠ ᠃    ᠨᠢᠭᠡ ᠵᠢᠯ ᠤᠨ ᠲᠤᠷᠰᠢ᠂ ᠪᠢᠳᠡ ᠤᠷᠢᠳ ᠡᠮᠦᠨ᠎ᠡ ᠭᠠᠷᠤᠭ᠎ᠠ ᠥᠬᠡᠶ ᠬᠦᠴᠢᠷ ᠪᠣᠯᠤᠨ ᠥᠷᠢᠰᠥᠯᠳᠦᠭᠡᠨ ᠳᠤ ᠨᠢᠭᠤᠷᠯᠡᠨ᠂ ᠬᠦᠨᠳᠦ ᠡᠭᠦᠷᠭᠡ ᠡᠭᠦᠷᠭᠡᠯᠡᠨ ᠡᠷᠡᠮᠡᠬᠡᠶᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠬᠤᠰᠢᠭᠤ ᠨᠠᠮ ᠤᠨ ᠬᠤᠷᠢᠶᠠᠨ ᠤ ᠳᠠᠭᠠᠭᠤᠯᠭ᠎ᠠ ᠳᠣᠤᠷ᠎ᠠ ᠬᠡᠳᠦᠨ ᠴᠢᠬᠤᠯᠠ ᠶᠠᠪᠤᠳᠠᠯ ᠪᠣᠲᠠᠲᠤ ᠶᠠᠪᠤᠳᠠᠯ ᠢ ᠭᠤᠤᠯᠳᠠᠯᠭ᠎ᠠ ᠲᠠᠢ ᠠᠳᠬᠤᠵᠤ᠂ ᠨᠢᠭᠡ ᠪᠦᠯᠦᠭ ᠣᠯᠠᠨ ᠵᠢᠯ ᠤᠨ ᠲᠤᠷᠰᠢ ᠰᠢᠶᠳᠪᠦᠷᠢᠯᠡᠬᠦ ᠭᠡᠰᠡᠨ ᠪᠣᠯᠪᠠᠴᠤ ᠰᠢᠢᠳᠪᠤᠷᠢᠯᠡᠵᠦ  ᠳᠡᠶᠢᠯᠦᠭᠡ ᠦᠭᠡᠢ ᠬᠦᠴᠢᠷ ᠠᠰᠠᠭᠤᠳᠠᠯ ᠢ ᠰᠢᠶᠳᠪᠦᠷᠢᠯᠡᠵᠦ᠂ ᠮᠠᠰᠢ ᠣᠯᠠᠨ ᠣᠷᠳᠣ ᠬᠤᠭᠤᠴᠠᠭ᠎ᠠ ᠪᠦᠲᠦᠭᠡᠵᠦ ᠳᠡᠶᠢᠯᠦᠭᠡᠳᠦᠶ ᠪᠠᠶᠢᠭᠰᠠᠨ ᠬᠦᠴᠢᠷ ᠶᠠᠪᠤᠳᠠᠯ ᠢ ᠪᠦᠲᠦᠭᠡᠪᠡ᠃    ᠠᠵᠤ ᠦᠶᠯᠡᠰ ᠤᠨ ᠪᠠᠶᠢᠷᠢᠰᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠠᠬᠢᠨ ᠱᠤᠭᠤᠪᠠ     ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ    ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠯᠠᠪᠳᠠᠭᠤᠨ ᠢᠶᠠᠷ ᠰᠡᠷᠭᠡᠶᠢᠯᠡᠨ ᠠᠷᠢᠯᠭᠠᠪᠠ    ᠤᠯᠠᠨ ᠲᠦᠮᠡᠨ ᠤ ᠪᠠᠴᠢᠮᠳᠠᠵᠦ ᠪᠡᠷᠭᠡᠳᠡᠵᠦ ᠬᠦᠴᠢᠷᠳᠡᠵᠦ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠤᠷᠢᠯᠡᠪᠡ    ᠦᠨᠡᠨ ᠢ ᠪᠠᠷᠢᠮᠲᠠᠯᠠᠵᠤ ᠪᠣᠲᠠᠲᠠᠢ ᠠᠵᠢᠯᠯᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ     ︵ᠨᠢᠭᠡ ︶ ᠬᠡᠮᠵᠢᠶ᠎ᠡ  ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠡᠷᠭᠦᠨ ᠬᠥᠭᠵᠢᠪᠡ     ᠵᠢᠱᠢᠯᠲᠡ ᠪᠠᠷ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 159.38 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5% ᠨᠡᠮᠡᠭᠳᠡᠪᠡ︔  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 40.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ 40% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠯᠲᠡ ᠥᠷᠲᠡᠭ ᠤᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠣ᠂ ᠪᠠᠭᠤᠷᠠᠵᠦ ᠪᠠᠶᠢᠭᠰᠠᠨ ᠬᠠᠨᠳᠤᠰᠢ ᠶᠢ ᠬᠤᠪᠢᠷᠠᠭᠤᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠤᠩᠬᠡᠢ ᠲᠤᠭ᠎ᠠ 3.5% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠥᠮᠦᠨ ᠳᠤᠮᠳᠠᠴᠢ ᠶᠢᠨ ᠲᠣᠬᠢᠷᠠᠭᠤᠯᠵᠤ ᠪᠣᠯᠬᠤᠶᠢᠴᠠ ᠣᠷᠣᠯᠭ᠎ᠠ ᠲᠣᠰᠪᠣᠷᠢ 36235 ᠲᠥᠭᠦᠷᠢᠭ ᠪᠠ 33987 ᠲᠥᠭᠦᠷᠢᠭ ᠬᠦᠷᠴᠤ᠂ 8.75% ᠪᠠ 9.85% ᠨᠡᠮᠡᠭᠳᠡᠪᠡ ᠃ ᠠᠵᠤ ᠠᠬᠤᠶ ᠶᠢᠨ ᠠᠵᠢᠯᠯᠠᠭᠠᠨ ᠰᠡᠷᠭᠦᠵᠦ᠂ ᠵᠦᠶ ᠵᠣᠬᠢᠰᠲᠠᠶ ᠣᠷᠣᠨ ᠵᠠᠶ ᠳᠤ ᠪᠤᠴᠠᠨ ᠲᠦᠷᠭᠡᠨ ᠬᠦᠭᠵᠢᠪᠡ ᠃    ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂《 ᠠᠷᠪᠠᠨ ᠠᠵᠤ ᠦᠢᠯᠡᠰ 》ᠥᠷᠨᠢᠨ ᠬᠥᠭᠵᠢᠪᠡ ᠃ ᠨᠢᠭᠡ ᠵᠢᠯ ᠤᠨ ᠲᠤᠷᠰᠢ᠂ ᠪᠢᠳᠡ ᠬᠤᠰᠢᠭᠤ ᠲᠠᠶᠠᠭᠠᠷ ᠤᠨ ᠬᠦᠴᠦᠨ ᠢ  ᠲᠦᠪᠯᠡᠷᠡᠭᠦᠯᠦᠨ ᠠᠯᠠᠰᠢᠨ ᠦᠬᠡᠷ ᠵᠡᠷᠭᠡ《 ᠠᠷᠪᠠᠨ ᠠᠵᠤ ᠦᠶᠯᠡᠰ 》 ᠢ ᠪᠣᠶᠢᠵᠢᠭᠤᠯᠤᠨ ᠬᠥᠭᠵᠢᠭᠦᠯᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠳᠠᠬᠢᠨ ᠡᠭᠦᠳᠴᠦ᠂ ᠤᠨᠴᠠᠯᠢᠭᠳᠤ ᠲᠠᠷᠢᠶᠠᠯᠠᠩ ᠮᠠᠯ ᠠᠵᠤ ᠠᠬᠤᠶ᠂ ᠰᠢᠨ᠎ᠡ ᠬᠡᠯᠪᠡᠷᠢ ᠶᠢᠨ ᠠᠵᠤ ᠦᠶᠯᠡᠳᠪᠦᠷᠢ ᠪᠠ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠦᠷᠢᠰᠤᠯᠳᠤᠨ ᠬᠦᠭᠵᠢᠵᠦ᠂ ᠲᠦᠪᠯᠡᠷᠡᠨ ᠲᠠᠰ ᠲᠡᠪᠰᠢᠪᠡ᠃    ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠰᠢᠨ᠎ᠡ ᠠᠬᠢᠴᠠ ᠭᠠᠷᠪᠠ     ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠪᠥᠭᠡᠳ ᠬᠦᠴᠦᠲᠡᠶ ᠪᠤᠯᠪᠠ     ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠦᠷᠭᠡᠳᠪᠡ     ︵ᠭᠤᠷᠪᠠ︶ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ  ᠶᠢᠨ ᠣᠷᠴᠢᠨ ᠲᠣᠭᠤᠷᠢᠨ ᠪᠦᠬᠦ ᠲᠠᠯ᠎ᠠ ᠪᠠᠷ ᠳᠡᠭᠡᠭᠰᠢᠯᠡᠪᠡ     ︵ᠲᠥᠷᠪᠡ ︶ ᠣᠷᠣᠰᠢᠨ ᠠᠮᠢᠳᠤᠷᠠᠬᠤ ᠦᠶᠯᠡᠰ ᠪᠦᠲᠦᠭᠡᠬᠦ ᠳᠤ ᠲᠣᠬᠢᠷᠠᠮᠵᠢᠲᠠᠶ ᠪᠠᠶᠢᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠬᠤᠲᠠ ᠬᠥᠳᠡᠭᠡ ᠣᠷᠣᠨ ᠪᠦᠰᠡ ᠵᠤᠬᠢᠴᠠᠨ ᠬᠦᠭᠵᠢᠪᠡ     ︵ᠲᠠᠪᠤ ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ  ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ      ︵ᠵᠢᠷᠭᠤᠭ᠎ᠠ ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ ᠳᠡᠭᠡᠭᠰᠢᠯᠡᠪᠡ      ᠠᠮᠵᠢᠯᠲᠠ ᠪᠦᠲᠦᠮᠵᠢ ᠬᠦᠮᠦᠰ ᠢ ᠤᠷᠮᠠᠰᠢᠭᠤᠯᠤᠨ᠎ᠠ᠂ ᠠᠰᠠᠭᠤᠳᠠᠯ ᠢ ᠴᠤ ᠡᠷᠬᠡᠪᠰᠢ ᠵᠥᠪ ᠬᠠᠨᠳᠤᠬᠤ ᠬᠡᠷᠡᠭᠲᠡᠶ᠃ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠠ ᠰᠢᠯᠭᠠᠯᠲᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠮᠡᠳᠡᠬᠦ ᠬᠡᠷᠡᠭᠲᠡᠢ᠄ ᠨᠢᠭᠡ ᠳᠤ ᠠᠵᠤ ᠠᠬᠤᠢ ᠣᠷᠣᠭᠤᠳᠠᠬᠤ᠂ ᠤᠯᠤᠰ ᠤᠨ ᠲᠦᠷᠦ  ᠶᠢᠨ ᠪᠤᠳᠤᠯᠭ᠎ᠠ ᠶᠢᠨ ᠴᠢᠨᠠᠷᠲᠠᠢ ᠭᠠᠶᠢᠯᠢ ᠬᠥᠩᠭᠡᠯᠡᠬᠦ᠂ ᠲᠡᠦᠬᠡ ᠶᠢᠨ ᠥᠷᠢ ᠥᠭᠴᠡᠭᠡ ᠣᠯᠠᠨ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠤᠯᠵᠤ᠂ ᠠᠵᠤ ᠠᠬᠤᠢ ᠶᠢᠨ ᠬᠥᠭᠵᠢᠯᠲᠡ ᠳᠠᠷᠣᠯᠲᠠ ᠶᠢ ᠳᠠᠭᠠᠭᠠᠨ ᠣᠷᠣᠭᠰᠢᠯᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠲᠤᠪᠤᠶᠢᠮ᠎ᠠ  ᠪᠠᠶᠢᠵᠤ᠂ ᠠᠵᠤ ᠠᠬᠤᠢ ᠶᠢᠨ ᠵᠠᠷᠢᠮ ᠭᠦᠢᠴᠡᠳᠭᠡᠯ ᠲᠤᠭ᠎ᠠ ᠶᠢᠨ ᠨᠡᠮᠡᠭᠳᠡᠯ ᠵᠢᠱᠢᠯᠲᠠ ᠳᠤ ᠬᠦᠷᠦᠭᠰᠡᠨ ᠦᠭᠡᠢ᠃ ᠬᠤᠶᠠᠷ ᠲᠤ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢᠨ ᠬᠤᠪᠢᠷᠠᠭᠤᠯᠣᠯᠲᠠ ᠨᠡᠯᠢᠶᠡᠳ ᠤᠳᠠᠭᠠᠨ ᠪᠠᠶᠢᠵᠤ᠂ ᠠᠵᠤ ᠦᠢᠯᠡᠰ ᠤᠨ ᠳᠡᠰ ᠳᠠᠪᠬᠤᠷᠭ᠎ᠠ ᠮᠥᠨ ᠯᠡ ᠳᠣᠣᠷ᠎ᠠ ᠪᠠᠶᠢᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠯᠡᠳᠲᠡ ᠬᠦᠷᠦᠯᠴᠡᠬᠦ ᠦᠭᠡᠢ ᠪᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠡᠭᠡ ᠪᠣᠯᠪᠠᠴᠤ ᠬᠦᠴᠦᠷᠬᠡᠭ ᠪᠢᠰᠢ᠂ ᠣᠯᠠᠨ ᠪᠣᠯᠪᠠᠴᠤ ᠰᠢᠯᠢᠳᠡᠭ ᠪᠢᠰᠢ᠂ ᠠᠵᠤ ᠦᠶᠯᠡᠰ ᠤᠨ ᠬᠡᠯᠬᠢᠶ᠎ᠡ ᠣᠬᠤᠷ᠂ ᠨᠡᠮᠡᠯᠲᠡ ᠥᠷᠲᠡᠭ ᠳᠣᠤᠷ᠎ᠠ᠂ ᠥᠷᠢᠰᠦᠯᠳᠦᠬᠦ ᠬᠦᠴᠦᠨ ᠪᠠᠭᠤᠷᠠᠶ︔ ᠠᠵᠤ ᠦᠢᠯᠡᠳᠪᠦᠷᠢ ᠶᠢᠨ ᠬᠥᠭᠵᠢᠯᠲᠡ ᠮᠥᠨ ᠯᠡ ᠠᠩᠬᠠᠨ ᠤ ᠱᠠᠲᠤᠨ ᠳᠤ ᠣᠷᠣᠰᠢᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ GDP ᠳᠠᠬᠢ ᠡᠵᠡᠯᠡᠬᠦ ᠬᠤᠪᠢ ᠶᠢᠨ ᠵᠢᠩ ᠵᠥᠪᠬᠡᠨ 33.7% ᠪᠠᠶᠢᠵᠤ᠂ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠬᠦᠴᠦᠨ ᠬᠦᠷᠦᠯᠴᠡᠬᠦ ᠦᠭᠡᠢ︔ ᠦᠢᠯᠡᠴᠢᠯᠡᠭᠡᠨ ᠤ ᠦᠢᠯᠡᠰ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠥᠨᠳᠥᠷ ᠪᠤᠰᠤ᠂ ᠪᠦᠳᠦᠭᠦᠯᠢᠭ ᠡᠵᠡᠩᠨᠡᠯᠲᠡ ᠨᠡᠯᠢᠶᠡᠳ ᠲᠣᠪᠣᠶᠢᠮ᠎ᠠ᠂ ᠬᠥᠭᠵᠢᠯᠲᠡ ᠨᠢ ᠬᠠᠷᠢᠴᠠᠩᠭᠤᠶ ᠬᠤᠴᠣᠷᠴᠤ ᠪᠠᠶᠢᠨ᠎ᠠ᠃ ᠭᠤᠷᠪᠠ ᠳᠤ ᠬᠤᠳᠠ  ᠶᠢ ᠡᠵᠡᠩᠨᠡᠬᠦ ᠣᠶᠢᠯᠠᠭᠠᠭᠳᠠᠬᠤᠨ ᠬᠤᠴᠣᠷᠤᠩᠭᠤᠢ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠥᠨᠳᠥᠷ ᠪᠢᠰᠢ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠥᠷᠢ ᠰᠢᠷᠢ ᠪᠠ ᠪᠦᠷᠬᠡ ᠣᠷᠣᠨ ᠤ ᠦᠭᠡᠷᠡᠴᠢᠯᠡᠯᠲᠡ ᠶᠢᠨ ᠠᠰᠠᠭᠤᠳᠠᠯ ᠨᠡᠯᠢᠶᠡᠳ ᠤᠯᠠᠨ᠂ ᠠᠵᠤ ᠦᠢᠯᠡᠰ ᠪᠣᠯᠤᠨ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠶᠢᠨ ᠣᠶᠢᠯᠠᠭᠠᠭᠳᠠᠬᠤᠨ ᠬᠠᠷᠠᠬᠠᠨ ᠪᠦᠷᠢᠯᠳᠦᠭᠡᠳᠦᠢ ᠪᠠᠶᠢᠭᠰᠠᠭᠠᠷ᠃ ᠳᠥᠷᠪᠡ ᠳᠤ ᠬᠤᠳᠠᠯᠳᠤᠭᠠᠴᠢᠨ ᠤᠷᠢᠵᠤ ᠪᠠᠯᠠ  ᠲᠠᠲᠠᠬᠤ ᠲᠠᠪᠴᠠᠩ ᠤᠨ ᠬᠤᠯᠪᠣᠬᠤ ᠦᠶᠯᠡᠳᠦᠯ ᠢ ᠭᠦᠶᠴᠡᠳ ᠪᠠᠳᠠᠷᠠᠭᠤᠯᠵᠤ ᠳᠡᠶᠢᠯᠦᠭᠰᠡᠨ ᠥᠬᠡᠶ᠂ ᠲᠤᠰᠬᠠᠶ ᠬᠤᠳᠠᠯᠳᠤᠭᠠᠴᠢᠨ ᠤᠷᠢᠬᠤ ᠡᠩᠨᠡᠭᠡ ᠶᠢᠨ ᠶᠡᠷᠦᠩᠬᠡᠶ ᠬᠡᠪ ᠴᠢᠨᠠᠷ ᠥᠨᠳᠥᠷ ᠪᠢᠰᠢ᠂ ᠬᠤᠳᠠᠯᠳᠤᠭᠠᠴᠢᠨ ᠤᠷᠢᠬᠤ ᠠᠷᠭ᠎ᠠ ᠵᠠᠮ ᠲᠠᠩ ᠴᠤᠯᠭᠤᠶ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠵᠠᠭᠤᠴᠢ ᠪᠠᠷ ᠬᠤᠳᠠᠯᠳᠤᠭᠠᠴᠢᠨ ᠤᠷᠢᠬᠤ ᠵᠡᠷᠭᠡ ᠰᠢᠨ᠎ᠡ ᠬᠡᠯᠪᠡᠷᠢ ᠶᠢᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠴᠥᠭᠡᠨ᠂ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠠᠮᠤᠷᠵᠢᠭᠤᠯᠤᠨ ᠬᠤᠳᠠᠯᠳᠤᠭᠠᠴᠢᠨ ᠢ ᠴᠢᠬᠤᠯᠠᠴᠢᠯᠠᠬᠤ ᠠᠭᠤᠷ ᠠᠮᠢᠰᠬᠤᠯ ᠪᠠᠰᠠ ᠲᠡᠶᠢᠮᠦ ᠰᠠᠶᠢᠨ ᠪᠢᠰᠢ᠃ ᠲᠠᠪᠤ ᠳᠤ ᠠᠮᠢ ᠠᠬᠤᠢ ᠶᠢᠨ ᠣᠷᠴᠢᠨ ᠨᠥᠬᠦᠴᠡᠯ ᠢ ᠪᠠᠰᠠ ᠦᠷᠭᠦᠯᠵᠢᠯᠡᠨ ᠰᠠᠶᠢᠵᠢᠷᠠᠭᠤᠯᠬᠤ ᠴᠢᠬᠤᠯᠠᠲᠠᠢ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠠᠷᠠᠳ ᠤᠯᠠᠨ ᠤ ᠬᠦᠰᠡᠯ ᠡᠷᠡᠮᠡᠯᠵᠡᠯ ᠲᠠᠢ ᠮᠥᠨ ᠯᠡ ᠨᠡᠯᠢᠶᠡᠳ ᠵᠥᠷᠢᠶ᠎ᠡ ᠲᠠᠢ᠃ ᠵᠢᠷᠭᠤᠭ᠎ᠠ ᠳᠤ ᠵᠠᠰᠠᠭ ᠤᠨ ᠣᠷᠳᠣᠨ ᠤ ᠰᠢᠰᠲ᠋ᠧᠮ  ᠤᠨ ᠵᠠᠷᠢᠮ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠬᠦᠷᠦᠯᠴᠡᠬᠦ ᠦᠭᠡᠢ᠂ ᠠᠵᠢᠯ ᠤᠨ ᠡᠷᠴᠢ ᠵᠣᠷᠢᠭ ᠬᠦᠷᠦᠯᠴᠡᠬᠦ ᠦᠭᠡᠢ᠂ ᠬᠢᠬᠦ ᠳᠤᠷ᠎ᠠ ᠦᠭᠡᠢ᠂ ᠬᠢᠬᠦ ᠰᠠᠨᠠᠭ᠎ᠠ ᠦᠭᠡᠢ᠂ ᠬᠢᠵᠦ ᠴᠢᠳᠠᠬᠤ ᠦᠭᠡᠢ ᠪᠠ《 ᠲᠠᠩᠭᠠᠶᠢᠵᠤ ᠬᠡᠪᠲᠡᠬᠦ 》ᠦᠵᠡᠭᠳᠡᠯ ᠮᠥᠨ ᠯᠡ ᠣᠷᠣᠰᠢᠵᠤ ᠪᠠᠶᠢᠨ᠎ᠠ᠃ ᠡᠭᠦᠨ ᠳᠤ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠢᠨᠠᠮᠠᠭᠠᠶ ᠰᠢᠶᠳᠪᠦᠷᠢᠯᠡᠬᠦ ᠬᠡᠷᠡᠭᠲᠡᠶ ᠃    ᠬᠤᠶᠠᠷ᠂ 2023 ᠣᠨ ᠤ ᠬᠠᠷᠠᠯᠲᠠ ᠡᠭᠦᠷᠭᠡ ᠪᠠ ᠭᠤᠤᠯ ᠠᠵᠢᠯ     ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠠᠩᠬᠠᠨ ᠤ ᠵᠢᠯ ᠮᠥᠨ᠂ ᠪᠠᠰᠠ ᠴᠤ ᠰᠢᠨ᠎ᠡ ᠴᠠᠭ ᠦᠶ᠎ᠡ ᠳᠤ ᠨᠡᠭᠡᠨ ᠭᠦᠢᠴᠡᠬᠦ ᠪᠠ ᠳᠠᠪᠠᠵᠤ ᠭᠠᠷᠬᠤ ᠵᠠᠩᠭᠢᠯᠠᠭ᠎ᠠ ᠶᠢᠨ ᠵᠢᠯ ᠮᠥᠨ ᠃ ᠡᠨᠡ ᠵᠢᠯ ᠤᠨ ᠠᠵᠢᠯ ᠢᠶᠠᠨ ᠰᠠᠶᠢᠨ ᠬᠢᠬᠦ ᠳᠤ᠂ ᠪᠢᠳᠡ ᠬᠤᠰᠢᠭᠤ ᠨᠠᠮ  ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ  ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠬᠤᠰᠢᠭᠤᠨ  ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠢ ᠪᠠᠷᠢᠮᠳᠠᠯᠠᠨ᠂ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠲᠦᠯᠤᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠤᠪᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡ ᠶᠢ ᠪᠠᠲᠤ ᠰᠠᠬᠢᠵᠦ᠂  ᠬᠤᠳᠠᠯᠳᠤᠭᠠᠴᠢᠨ ᠤᠷᠢᠵᠤ ᠪᠡᠯᠡ ᠲᠠᠳᠠᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠦ᠂ ᠦᠷᠭᠦᠯᠵᠢᠯᠡᠨ ᠪᠣᠭᠤᠮᠲᠠ ᠰᠢᠪᠲᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂《 ᠠᠷᠪᠠᠨ ᠠᠵᠤ ᠦᠢᠯᠡᠰ 》 ᠢ ᠬᠥᠭᠵᠢᠭᠦᠯᠦᠨ ᠪᠤᠵᠠᠭᠠᠶᠢᠷᠠᠭᠤᠯᠵᠦ᠂ ᠠᠷᠭ᠎ᠠ ᠵᠠᠮ ᠰᠦᠪᠡᠭᠴᠢᠯᠡᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ  ᠶᠢ ᠴᠢᠩᠭᠠᠳᠬᠠᠵᠦ᠂ ᠠᠵᠤ ᠠᠬᠤᠶ ᠶᠢᠨ ᠠᠵᠢᠯᠯᠠᠭᠠᠨ ᠤ ᠪᠥᠬᠦ ᠲᠠᠯ᠎ᠠ ᠪᠠᠷ ᠵᠦᠶ ᠵᠣᠬᠢᠰᠲᠠᠶ ᠣᠷᠣᠨ ᠵᠠᠶ ᠳᠤ ᠪᠤᠴᠠᠬᠤ ᠶᠢ  ᠠᠬᠢᠭᠤᠯᠵᠦ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠵᠠᠷᠤᠳ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ   ᠳᠤ ᠰᠠᠶᠢᠨ ᠡᠬᠢᠯᠡᠯᠲᠡ ᠲᠠᠢ ᠪᠤᠯᠭᠠᠨ᠎ᠠ᠃     ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 40% ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 9% ᠨᠡᠮᠡᠭᠳᠡᠭᠦᠯᠦᠨ᠎ᠡ︔ ᠨᠡᠶᠢᠭᠡᠮ  ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 7% ᠨᠡᠮᠡᠭᠳᠡᠭᠦᠯᠦᠨ᠎ᠡ︔ ᠡᠩ  ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠪᠦᠷᠢ 6% ᠪᠠ 8% ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ ᠃     ᠭᠤᠣᠯ ᠠᠵᠢᠯ ᠄    ( ᠨᠢᠭᠡ ) ᠠᠵᠤ ᠦᠢᠯᠡᠰ ᠤᠨ ᠬᠡᠯᠬᠢᠶ᠎ᠡ ᠶᠢ ᠲᠡᠰ ᠳᠡᠪᠰᠢᠭᠦᠯᠬᠦ ᠲᠡᠭᠡᠷ᠎ᠡ ᠲᠠᠬᠢᠨ ᠬᠦᠴᠦᠯᠡᠵᠦ᠂ ᠤᠳᠤ ᠦᠶ᠎ᠡ  ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠤᠨ᠎ᠠ᠃《 ᠠᠷᠪᠠᠨ ᠠᠵᠤ ᠦᠢᠯᠡᠰ 》 ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠣᠯᠣᠭᠠᠶᠢᠯᠠᠭᠴᠢ ᠶᠢ ᠠᠳᠬᠤᠵᠤ᠂ ᠬᠡᠯᠬᠢᠶ᠎ᠡ ᠶᠢ ᠤᠷᠲᠤᠳᠬᠠᠨ᠂ ᠴᠤᠭᠯᠠᠷᠠᠯ ᠢ ᠪᠠᠶᠢᠭᠤᠯᠵᠤ᠂ ᠪᠣᠳᠠᠲᠤ ᠴᠤᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠣᠨᠴᠠᠯᠢᠭ ᠢᠯᠡ ᠲᠣᠳᠣ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃     ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ     ᠠᠵᠤ ᠦᠶᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠬᠦᠴᠤᠯᠡᠨ ᠠᠬᠢᠭᠤᠯᠤᠨ᠎ᠠ      ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ     ( ᠬᠤᠶᠠᠷ ) ᠬᠤᠳᠠᠯᠳᠣᠭᠠᠴᠢᠨ ᠤᠷᠢᠵᠤ ᠪᠠᠯᠠ ᠲᠠᠲᠠᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠪᠦᠲᠦᠮᠵᠢᠲᠡᠶ ᠪᠠᠯᠠ ᠣᠷᠣᠭᠤᠯᠣᠨ ᠰᠢᠨ᠎ᠡ ᠬᠥᠳᠡᠯᠭᠡᠬᠦ ᠬᠦᠴᠦᠨ ᠢᠶᠠᠨ ᠴᠢᠩᠭᠠᠷᠠᠭᠤᠯᠤᠨ᠎ᠠ᠃  ᠣᠷᠢᠬᠤ ᠲᠠᠲᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠪᠠ ᠣᠷᠢᠬᠤ ᠲᠠᠲᠠᠬᠤ ᠠᠵᠢᠯ ᠢᠶᠠᠨ ᠴᠢᠩᠭᠠᠳᠬᠠᠬᠤ ᠶᠢ ᠪᠠᠷᠢᠮᠲᠠᠯᠠᠵᠤ᠂ ᠴᠠᠭ ᠮᠥᠴᠡ ᠲᠠᠢ ᠤᠷᠤᠯᠳᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠪᠠᠯᠠ ᠣᠷᠣᠭᠤᠯᠤᠯᠲᠠ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠳᠠᠯ ᠬᠤᠷᠠᠮᠳᠤᠭᠤᠯᠵᠤ᠂  ᠬᠤᠷᠳᠣᠴᠠ ᠨᠡᠮᠡᠭᠳᠡᠬᠦ ᠳᠤ ᠬᠦᠴᠦᠨ ᠨᠡᠮᠡᠨ᠎ᠡ᠃     ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠭᠤᠶᠢᠪᠢᠰᠢ ᠦᠭᠡᠢ ᠠᠳᠬᠤᠨ᠎ᠠ     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ     ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠲᠥᠷᠥᠯ ᠵᠦᠶᠯ ᠤᠨ ᠦᠶᠯᠡᠴᠢᠯᠡᠭᠡ ᠶᠢ ᠪᠠᠲᠤᠯᠠᠨ᠎ᠠ     ( ᠭᠤᠷᠪᠠ ) ᠦᠷ᠎ᠡ ᠪᠦᠲᠦᠭᠡᠯ ᠢᠶᠠᠨ ᠪᠠᠬᠢᠵᠢᠭᠦᠯᠬᠦ ᠪᠠ ᠰᠠᠭᠤᠷᠢ ᠪᠠᠨ ᠬᠦᠴᠦᠷᠭᠡᠭᠵᠢᠭᠦᠯᠬᠦ ᠳᠡᠭᠡᠷ᠎ᠡ ᠲᠠᠬᠢᠨ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠶᠠᠷ ᠨᠠᠭᠠᠲᠤ ᠵᠠᠬ᠎ᠠ ᠶᠢᠨ ᠱᠤᠭᠤᠮ ᠢ ᠪᠠᠲᠤ ᠰᠠᠬᠢᠵᠤ᠂ ᠮᠠᠯ ᠠᠵᠤ ᠠᠬᠤᠶ ᠲᠠᠷᠢᠶᠠᠯᠠᠩ ᠪᠠ ᠬᠦᠳᠡᠭᠡ ᠲᠣᠰᠬᠤᠨ ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ ᠃     ᠶᠠᠳᠠᠭᠤ ᠠᠴᠠ ᠠᠩᠭᠢᠵᠢᠷᠠᠭᠤᠯᠣᠭᠰᠠᠨ ᠰᠢᠪᠳᠣᠯᠣᠯᠲᠠ ᠶᠢᠨ ᠦᠷ᠎ᠡ ᠪᠦᠲᠦᠭᠡᠯ ᠢᠶᠠᠨ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠥᠷᠭᠡᠳᠬᠡᠨ᠎ᠡ     ᠲᠠᠷᠢᠶᠠᠯᠠᠩ ᠮᠠᠯ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠦᠬᠦ ᠬᠦᠴᠦᠨ ᠢᠶᠠᠷ ᠪᠠᠲᠤᠳᠬᠠᠨ᠎ᠠ     ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ     ( ᠳᠥᠷᠪᠡ ) ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠬᠤᠰᠢᠭᠤ ᠴᠠᠷᠠᠭ᠎ᠠ ᠶᠢᠨ ᠣᠷᠣᠨ ᠵᠠᠢ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠪᠠ ᠣᠷᠣᠨ ᠪᠦᠰᠡ ᠠᠭᠤᠰᠤᠯᠴᠠᠭᠰᠠᠨ᠂ ᠠᠵᠢᠯᠯᠠᠵᠤ ᠠᠮᠢᠳᠤᠷᠠᠬᠤ  ᠳᠤ ᠲᠠᠭᠠᠯᠠᠮᠵᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ ᠃     ᠬᠤᠲᠠ ᠪᠠᠯᠭᠠᠰᠤᠨ ᠤ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ ᠬᠤᠲᠠ ᠪᠠᠯᠭᠠᠰᠤᠨ ᠤ ᠴᠢᠳᠠᠮᠵᠢ ᠢᠵᠢ ᠪᠦᠷᠢᠳᠦᠭᠦᠯᠬᠦ ᠶᠢ ᠠᠬᠢᠭᠤᠯᠣᠨ᠎ᠠ    ᠬᠤᠲᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ     ( ᠲᠠᠪᠤ ) ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠳᠠᠬᠢᠨᠲᠠ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠶᠯᠡᠴᠢᠯᠡᠵᠦ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠤᠯᠬᠤ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠤᠯᠬᠤ᠂ ᠨᠡᠭᠡᠭᠡᠯᠲᠡ ᠠᠴᠠ ᠠᠰᠢᠭ ᠤᠯᠬᠤ  ᠶᠢ ᠪᠠᠷᠢᠮᠲᠠᠯᠠᠵᠤ᠂ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢᠶᠠᠨ ᠲᠠᠰᠤᠷᠠᠯᠲᠠ ᠥᠬᠡᠶ ᠪᠠᠳᠠᠷᠠᠭᠤᠯᠣᠨ᠎ᠠ᠃    ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ     ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ     ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠤᠨ᠎ᠠ     ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ     ( ᠵᠢᠷᠭᠤᠭ᠎ᠠ ) ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ ᠰᠢᠨ᠎ᠡ ᠭᠡᠷ ᠣᠷᠣᠨ ᠢᠶᠠᠨ ᠪᠦᠲᠦᠭᠡᠨ ᠪᠠᠶᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠠᠷᠠᠳ ᠣᠯᠠᠨ  ᠳᠤ ᠠᠮᠢ ᠠᠬᠤᠶ ᠣᠷᠴᠢᠨ ᠲᠣᠭᠤᠷᠢᠨ ᠰᠠᠶᠢᠵᠢᠷᠠᠭᠰᠠᠨ ᠢ ᠦᠨᠡᠨ ᠬᠦ ᠮᠡᠳᠡᠷᠡᠭᠦᠯᠦᠨ᠎ᠡ᠃     ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ     ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ     ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ     ( ᠳᠣᠯᠤᠭ᠎ᠠ ) ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠠᠷᠠᠳ ᠤᠨ ᠠᠮᠢᠳᠤᠷᠠᠯ ᠤᠨ ᠭᠤᠣᠯᠳᠠᠯᠭ᠎ᠠ  ᠶᠢᠨ ᠲᠣᠭᠤᠷᠢᠨ ᠳᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠨ᠎ᠠ ᠃     ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ     ᠠᠳᠠᠯ ᠦᠢᠯᠡᠰ ᠪᠣᠰᠬᠠᠬᠤ ᠪᠠ ᠠᠵᠢᠯ ᠣᠯᠭᠤᠬᠤ ᠶᠢ ᠶᠡᠬᠡᠪᠡᠷ ᠠᠬᠢᠭᠤᠯᠤᠨ᠎ᠠ     ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ     ᠡᠷᠡᠭᠦᠯ ᠡᠩᠬᠡ ᠵᠠᠷᠤᠳ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ     ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ    ᠰᠣᠶᠣᠯ ᠲᠠᠮᠢᠷ ᠤᠨ ᠦᠢᠯᠡᠰ ᠢ ᠦᠷᠭᠦᠯᠵᠢᠯᠡᠨ ᠴᠡᠴᠡᠭᠯᠡᠭᠦᠯᠦᠨ ᠬᠥᠭᠵᠢᠭᠦᠯᠦᠨ᠎ᠡ     ᠠᠮᠤᠭᠤᠯᠠᠩ ᠵᠠᠷᠤᠳ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ     ᠭᠤᠷᠪᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ  ᠤᠨ ᠣᠷᠳᠣᠨ ᠢ ᠪᠠᠶᠢᠭᠤᠯᠤᠨ᠎ᠠ     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ  ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃     ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ     ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠠᠳᠬᠤᠨ᠎ᠠ     ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠣᠳᠠᠲᠠᠶ ᠠᠵᠢᠯ ᠬᠢᠨ᠎ᠡ     ᠠᠷᠢᠭᠤᠨ ᠴᠢᠬᠡᠴᠢ ᠪᠠᠷ ᠦᠶᠯᠡᠰ ᠪᠦᠲᠦᠭᠡᠨ᠎ᠡ       
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号