2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/1/9
                —— 2023 ᠣᠨ ᠤ 1 ᠰᠠᠷ᠎ᠠ ᠶᠢᠨ 5 ᠤ ᠡᠳᠦᠷ ᠵᠠᠷᠤᠳ                ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ                ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭ᠋᠊                ‍ᠠᠨ ᠳᠡᠭᠡᠷ᠎ᠡ                                                                             ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ      ᠪᠠᠲᠤᠲᠥᠯᠥᠭᠡᠯᠡᠭᠴᠢᠳ ᠡ᠄       ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠤᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠤᠯᠪᠠᠤ ᠃       ᠨᠢᠭᠡ᠂ 2022 ᠣᠨ ᠤ ᠠᠵᠢᠯ ᠤᠨ ᠡᠷᠭᠢᠴᠡᠭᠦᠯᠦᠯ       ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠲᠤᠶᠢᠯ ᠤᠨ ᠴᠢᠬᠤᠯᠠ ᠨᠢᠭᠡ ᠵᠢᠯ ᠮᠥᠨ᠂ ᠮᠦᠨᠴᠤ ᠵᠠᠷᠤᠳ ᠤᠨ ᠬᠥᠭᠵᠢᠯᠲᠡ ᠶᠢᠨ ᠲᠡᠦᠬᠡᠨ  ᠲᠡᠭᠡᠷ᠎ᠡ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠶ ᠣᠷᠣᠭᠤᠳᠠᠬᠤ ᠵᠡᠷᠭᠡ ᠣᠯᠠᠨ ᠳᠠᠪᠬᠤᠷ ᠳᠠᠷᠤᠯᠲᠠ ᠲᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂《 ᠬᠢᠵᠢᠭ ᠢ ᠡᠷᠬᠡᠪᠰᠢ ᠰᠡᠷᠭᠡᠶᠢᠯᠡᠬᠦ᠂ ᠠᠵᠤ ᠠᠬᠤᠶ ᠶᠢ ᠡᠷᠬᠡᠪᠰᠢ ᠲᠣᠭᠲᠠᠭᠤᠨ ᠪᠠᠶᠢᠯᠭᠠᠬᠤ᠂ ᠬᠥᠭᠵᠢᠭᠦᠯᠬᠦ ᠳᠤ ᠡᠷᠬᠡᠪᠰᠢ ᠠᠮᠤᠷ ᠲᠦᠪᠰᠢᠨ ᠪᠠᠶᠢᠬᠤ 》ᠭᠡᠬᠦ ᠴᠢᠬᠤᠯᠠ ᠱᠠᠭᠠᠷᠳᠠᠯᠭ᠎ᠠ ᠶᠢ ᠡᠷᠡᠰ ᠨᠠᠶᠢᠲᠠᠪᠣᠷᠢᠵᠢᠭᠤᠯᠣᠨ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠬᠦᠴᠦᠲᠡᠶ ᠳᠡᠮᠵᠢᠯᠭᠡ ᠳᠣᠤᠷ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠨᠢᠭᠡᠳᠦᠯᠲᠡᠢ ᠲᠦᠯᠤᠪᠵᠢᠭᠦᠯᠤᠨ᠂ ᠬᠦᠴᠦ ᠪᠠᠨ ᠲᠥᠪᠯᠡᠷᠡᠭᠦᠯᠦᠨ《 ᠠᠷᠪᠠᠨ ᠠᠵᠤ ᠦᠶᠯᠡᠰ 》 ᠤᠨ ᠪᠥᠲᠥᠭᠡᠨ ᠪᠠᠶᠢᠭᠤᠯᠤᠯᠲᠠ  ᠶᠢ ᠠᠬᠢᠭᠤᠯᠤᠨ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠢ ᠴᠢᠩᠭ᠎ᠠ ᠲᠦᠰᠢᠭᠯᠡᠨ ᠡᠯ᠎ᠡ ᠲᠥᠷᠥᠯ ᠤᠨ ᠠᠵᠢᠯ ᠦᠶᠯᠡᠰ ᠤᠨ ᠬᠥᠭᠵᠢᠯᠲᠡ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠪᠠᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠳᠠᠢ ᠤᠭᠳᠤᠪᠠ ᠃      ᠨᠢᠭᠡ ᠵᠢᠯ ᠤᠨ ᠲᠤᠷᠰᠢ᠂ ᠪᠢᠳᠡ ᠤᠷᠢᠳ ᠡᠮᠦᠨ᠎ᠡ ᠭᠠᠷᠤᠭ᠎ᠠ ᠥᠬᠡᠶ ᠬᠦᠴᠢᠷ ᠪᠣᠯᠤᠨ ᠥᠷᠢᠰᠥᠯᠳᠦᠭᠡᠨ ᠳᠤ ᠨᠢᠭᠤᠷᠯᠡᠨ᠂ ᠬᠦᠨᠳᠦ ᠡᠭᠦᠷᠭᠡ ᠡᠭᠦᠷᠭᠡᠯᠡᠨ ᠡᠷᠡᠮᠡᠬᠡᠶᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠬᠤᠰᠢᠭᠤ ᠨᠠᠮ ᠤᠨ ᠬᠤᠷᠢᠶᠠᠨ ᠤ ᠳᠠᠭᠠᠭᠤᠯᠭ᠎ᠠ ᠳᠣᠤᠷ᠎ᠠ ᠬᠡᠳᠦᠨ ᠴᠢᠬᠤᠯᠠ ᠶᠠᠪᠤᠳᠠᠯ ᠪᠣᠲᠠᠲᠤ ᠶᠠᠪᠤᠳᠠᠯ ᠢ ᠭᠤᠤᠯᠳᠠᠯᠭ᠎ᠠ ᠲᠠᠢ ᠠᠳᠬᠤᠵᠤ᠂ ᠨᠢᠭᠡ ᠪᠦᠯᠦᠭ ᠣᠯᠠᠨ ᠵᠢᠯ ᠤᠨ ᠲᠤᠷᠰᠢ ᠰᠢᠶᠳᠪᠦᠷᠢᠯᠡᠬᠦ ᠭᠡᠰᠡᠨ ᠪᠣᠯᠪᠠᠴᠤ ᠰᠢᠢᠳᠪᠤᠷᠢᠯᠡᠵᠦ  ᠳᠡᠶᠢᠯᠦᠭᠡ ᠦᠭᠡᠢ ᠬᠦᠴᠢᠷ ᠠᠰᠠᠭᠤᠳᠠᠯ ᠢ ᠰᠢᠶᠳᠪᠦᠷᠢᠯᠡᠵᠦ᠂ ᠮᠠᠰᠢ ᠣᠯᠠᠨ ᠣᠷᠳᠣ ᠬᠤᠭᠤᠴᠠᠭ᠎ᠠ ᠪᠦᠲᠦᠭᠡᠵᠦ ᠳᠡᠶᠢᠯᠦᠭᠡᠳᠦᠶ ᠪᠠᠶᠢᠭᠰᠠᠨ ᠬᠦᠴᠢᠷ ᠶᠠᠪᠤᠳᠠᠯ ᠢ ᠪᠦᠲᠦᠭᠡᠪᠡ᠃ ᠠᠵᠤ ᠦᠶᠯᠡᠰ ᠤᠨ ᠪᠠᠶᠢᠷᠢᠰᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠠᠬᠢᠨ ᠱᠤᠭᠤᠪᠠ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠪᠢᠳᠡ ᠦᠵᠡᠯ ᠰᠠᠨᠠᠭᠠᠨ ᠤ ᠲᠠᠯ᠎ᠠ ᠪᠠᠷ ᠰᠢᠨᠡᠴᠢᠯᠡᠨ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠯᠠᠰᠢᠨ ᠦᠬᠡᠷ ᠤᠨ ᠪᠥᠬᠦ ᠠᠵᠤ ᠦᠶᠯᠡᠰ ᠤᠨ ᠬᠡᠯᠬᠢᠶ᠎ᠡ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠣᠲᠣ ᠦᠶ᠎ᠡ ᠶᠢᠨ ᠰᠢᠨ᠎ᠡ ᠡᠨᠧᠷᠭᠢ ᠵᠡᠷᠭᠡ《 ᠠᠷᠪᠠᠨ ᠠᠵᠤ ᠦᠶᠯᠡᠰ 》 ᠤᠨ ᠪᠥᠲᠥᠭᠡᠨ ᠪᠠᠶᠢᠭᠤᠯᠤᠯᠲᠠ᠂ ᠳᠠᠪᠠᠭᠤᠯᠢᠭ ᠤᠨᠴᠠᠯᠢᠬᠳᠤ ᠠᠵᠤ ᠦᠶᠯᠡᠰ ᠤᠨ ᠬᠡᠯᠬᠢᠶᠡᠵᠢᠨ ᠲᠦᠪᠯᠡᠷᠡᠨ ᠬᠦᠭᠵᠢᠬᠦ ᠶᠢ ᠠᠬᠢᠭᠤᠯᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠴᠣ ᠰᠢᠨ᠎ᠡ《 ᠪᠠᠶᠢᠯᠳᠤᠬᠤ ᠲᠦᠰᠤᠪ 》 ᠢ ᠲᠣᠭᠲᠠᠭᠠᠪᠠ ᠃ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠂ ᠬᠤᠲᠠ ᠬᠤᠰᠢᠭᠤ ᠬᠤᠶᠠᠷ ᠱᠠᠲᠤᠨ ᠤ ᠣᠯᠠᠨ ᠲᠠᠯ᠎ᠠ ᠶᠢᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠣᠯᠠᠨ ᠵᠢᠯ ᠪᠦᠳᠤᠭᠡᠨ ᠪᠠᠶᠢᠭᠤᠯᠤᠯᠳᠠ ᠵᠤᠭᠰᠤᠭᠰᠠᠨ ᠺᠠᠩ ᠨᠠᠢ ᠡᠯ  ᠤᠨ ᠲᠥᠷᠥᠯ ᠵᠦᠶᠯ ᠢ ᠠᠮᠢᠳᠣᠯᠢᠭᠵᠢᠭᠤᠯᠬᠤ ᠠᠵᠢᠯ ᠢ ᠰᠡᠷᠭᠦᠭᠡᠵᠦ᠂ 84 ᠳ᠋ᠦᠩᠰᠢᠭᠤᠷ ᠲᠥᠭᠦᠷᠢᠭ ᠪᠠᠯᠠ ᠣᠷᠣᠭᠤᠯᠤᠭᠰᠠᠨ 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠶᠯ ᠠᠮᠵᠢᠯᠲᠠ ᠲᠠᠢ ᠭᠡᠷ᠎ᠡ ᠲᠣᠭᠲᠠᠵᠤ᠂ ᠣᠷᠢᠳᠴᠢᠯᠠᠨ ᠪᠣᠯᠣᠮᠵᠢᠲᠠᠢ ᠰᠤᠳᠣᠯᠬᠤ ᠠᠵᠢᠯ ᠢ ᠦᠷᠨᠢᠭᠦᠯᠵᠦ ᠂ ᠤᠯᠤᠰ ᠤᠨ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠲᠥᠷᠥᠯ ᠵᠦᠶᠯ ᠵᠥᠪᠰᠢᠶᠡᠷᠡᠭᠳᠡᠨ ᠨᠠᠶᠢᠳᠠᠪᠤᠷᠢᠵᠢᠭᠤᠯᠤᠭᠳᠠᠵᠤ᠂ ᠪᠥᠬᠦ ᠤᠯᠤᠰ ᠤᠨ ᠲᠤᠷᠰᠢᠯᠲᠠ  ᠶᠢᠨ ᠴᠡᠭ ᠪᠣᠯᠵᠣ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠲᠤᠯᠭᠠᠭᠤᠷᠢᠯᠠᠯ ᠨᠡᠮᠡᠭᠳᠡᠪᠡ ᠃ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠯᠠᠪᠳᠠᠭᠤᠨ ᠢᠶᠠᠷ ᠰᠡᠷᠭᠡᠶᠢᠯᠡᠨ ᠠᠷᠢᠯᠭᠠᠪᠠ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ  ᠪᠠᠷ ᠬᠡᠷᠡᠭᠯᠡᠨ 4.86 ᠳ᠋ᠦᠩᠰᠢᠭᠤᠷ ᠲᠥᠭᠦᠷᠢᠭ ᠥᠷᠢ ᠥᠭᠴᠡᠭᠡ ᠶᠢ ᠠᠷᠢᠯᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡ  ᠶᠢᠨ《 ᠳᠠᠷᠤᠭᠠᠰᠤ 》ᠪᠦᠲᠦᠮᠵᠢᠲᠡᠶ ᠬᠦᠩᠭᠡᠷᠡᠪᠡ︔ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠳᠤᠭᠤᠶᠢᠯᠠᠩ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠤᠯᠠᠨ ᠲᠦᠮᠡᠨ ᠤ  ᠲᠤᠷᠠᠳᠤᠭᠰᠠᠨ ᠣᠷᠴᠢᠨ ᠲᠣᠭᠤᠷᠢᠨ  ᠲᠠᠢ ᠬᠤᠯᠪᠤᠭᠳᠠᠬᠤ ᠵᠠᠬᠢᠳᠠᠯ ᠰᠤᠷᠪᠤᠯᠵᠢᠯᠠᠭ᠎ᠠ ᠶᠢᠨ 51 ᠬᠡᠷᠡᠭ ᠢ ᠴᠠᠭ ᠲᠤᠬᠠᠢ ᠳᠤᠨᠢ ᠰᠢᠢᠳᠪᠤᠷᠢᠯᠡᠪᠡ᠂ ᠭᠤᠷᠪᠠᠨ ᠵᠢᠯ ᠦᠷᠭᠦᠯᠵᠢᠯᠡᠭᠰᠡᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠤᠰᠬᠠᠢ ᠴᠡᠭᠴᠡᠯᠡᠨ ᠵᠠᠰᠠᠬᠤ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠵᠦ᠂ ᠬᠠᠩᠭᠠᠨ ᠪᠣᠷᠣᠯᠠᠭᠤᠯᠬᠤ᠂ ᠰᠤᠷᠭᠠᠨ ᠬᠥᠮᠦᠵᠢᠯ᠂ ᠠᠮᠤ ᠪᠤᠳᠠᠭ᠎ᠠ᠂ ᠮᠥᠩᠭᠦᠨ ᠭᠦᠢᠯᠭᠡᠭᠡ᠂ ᠨᠡᠬᠡᠬᠡᠯᠲᠡ ᠶᠢᠨ ᠲᠣᠭᠤᠷᠢᠭ ᠤᠨ ᠬᠦᠷᠢᠶ᠎ᠡ ᠬᠡᠪᠴᠢᠶᠡᠨ ᠤ ᠲᠤᠰᠬᠠᠢ ᠴᠡᠭᠴᠡᠯᠡᠨ ᠵᠠᠰᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠲᠣᠭᠲᠠᠭᠤᠨ ᠢᠶᠠᠷ ᠬᠥᠭᠵᠢᠬᠦ ᠳᠤ ᠰᠠᠶᠢᠨ ᠰᠠᠭᠤᠷᠢ ᠲᠠᠯᠪᠢᠪᠠ ᠃ ᠤᠯᠠᠨ ᠲᠦᠮᠡᠨ ᠤ ᠪᠠᠴᠢᠮᠳᠠᠵᠦ ᠪᠡᠷᠭᠡᠳᠡᠵᠦ ᠬᠦᠴᠢᠷᠳᠡᠵᠦ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠤᠷᠢᠯᠡᠪᠡ᠂ 821 ᠡᠷᠦᠬᠡ ᠰᠠᠭᠤᠭᠠᠯᠢ ᠠᠷᠠᠳ ᠤᠨ ᠭᠡᠷ ᠪᠠᠶᠢᠰᠢᠩ ᠭᠠᠵᠠᠷ ᠬᠦᠷᠦᠩᠭᠡ ᠶᠢᠨ《ᠭᠤᠷᠪᠠᠨ ᠬᠦᠴᠢᠷ》ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠭᠡᠷ ᠪᠠᠶᠢᠰᠢᠩ ᠤᠨ ᠦᠨᠡᠮᠯᠡᠯ ᠤᠯᠭᠤᠪᠠ︔ ᠭᠤᠤᠯ ᠬᠤᠲᠠ ᠶᠢᠨ ᠲᠣᠭᠤᠷᠢᠭ ᠤᠨ ᠪᠣᠶ ᠪᠥᠬᠦᠶ ᠬᠠᠮᠢᠶᠠᠷᠤᠯᠳᠠ ᠠᠯᠳᠠᠭᠰᠠᠨ ᠵᠢᠵᠢᠭ ᠲᠣᠭᠤᠷᠢᠭ᠂ ᠲᠠᠩ ᠪᠡᠶᠡᠲᠦ ᠠᠰᠠᠷ ᠤᠨ ᠠᠳᠠᠯ ᠠᠬᠤᠶ ᠶᠢ ᠤᠯᠤᠰ ᠤᠨ ᠥᠮᠴᠢᠯᠡᠯᠲᠦ ᠠᠵᠤ ᠠᠬᠤᠶᠢᠯᠠᠯ ᠺᠣᠮᠫᠠᠨᠢ  ᠠᠴᠠ ᠭᠥᠯᠢᠶᠡᠨ ᠠᠪᠴᠤ ᠬᠠᠮᠢᠶᠠᠷᠪᠠ︔ ᠣᠯᠠᠨ ᠲᠦᠮᠡᠨ ᠤ ᠣᠳᠠᠭᠠᠨ ᠵᠢᠯ ᠲᠤᠰᠬᠠᠭᠰᠠᠨ ᠵᠠᠷᠤᠳ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠭᠦᠳᠡᠨ ᠡᠮᠦᠨ᠎ᠡ ᠤᠰᠤ ᠬᠤᠷᠠᠳᠠᠭ ᠠᠰᠠᠭᠤᠳᠠᠯ ᠢ ᠰᠢᠶᠳᠪᠦᠷᠢᠯᠡᠵᠦ᠂ 10 ᠭᠠᠷᠤᠶ ᠵᠢᠯ ᠤᠨ ᠲᠤᠷᠰᠢ ᠲᠠᠷᠢᠶᠠᠯᠠᠩ ᠠᠷᠠᠯᠵᠢᠶᠠᠨ ᠤ ᠲᠢᠩᠬᠢᠮ ᠢ ᠨᠦᠯᠤᠭᠡᠯᠡᠵᠦ ᠪᠠᠶᠢᠭᠰᠠᠨ ᠭᠠᠯ ᠤᠨ ᠳᠠᠯᠳᠠ ᠬᠡᠮ ᠢ ᠠᠷᠢᠯᠭᠠᠪᠠ︔ ᠡᠳ᠋ ᠤᠨ ᠵᠠᠰᠠᠭ ᠤᠨ ᠵᠠᠷᠤᠯᠭ᠎ᠠ ᠲᠤᠶᠢᠯ ᠤᠨ ᠪᠠᠴᠢᠮ ᠪᠠᠶᠢᠬᠤ ᠳᠠᠷᠤᠯᠲᠠ ᠶᠢ ᠲᠠᠭᠠᠭᠠᠵᠦ᠂ ᠲᠡᠦᠬᠡᠨ  ᠠᠴᠠ ᠥᠷᠢᠲᠦᠵᠦ ᠪᠠᠶᠢᠭᠰᠠᠨ ᠠᠷᠠᠳ ᠤᠨ ᠠᠮᠢᠳᠤᠷᠠᠯ ᠤᠨ ᠨᠥᠬᠦᠪᠥᠷᠢ ᠶᠢ 10.6 ᠳ᠋ᠦᠩᠰᠢᠭᠤᠷ ᠲᠥᠭᠦᠷᠢᠭ ᠪᠤᠳᠠᠳᠠᠢ ᠭᠦᠢᠴᠡᠳᠭᠡᠨ ᠦᠭᠴᠤ᠂ 1.1 ᠳ᠋ᠦᠩᠰᠢᠭᠤᠷ ᠲᠥᠭᠦᠷᠢᠭ ᠠᠵᠢᠯ ᠮᠡᠷᠭᠡᠵᠢᠯ ᠤᠨ ᠣᠨ ᠤ ᠮᠥᠩᠭᠦ ᠪᠠ ᠰᠢᠶᠠᠩ ᠪᠠᠯᠭᠠᠰᠤᠨ ᠤ ᠠᠵᠢᠯ ᠤᠨ ᠪᠠᠶᠢᠷᠢ ᠶᠢᠨ ᠨᠥᠬᠦᠪᠥᠷᠢ ᠶᠢ ᠨᠥᠬᠦᠪᠥᠷᠢᠯᠡᠨ ᠥᠭᠴᠦ᠂ ᠣᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠪᠡ᠃ ᠦᠨᠡᠨ ᠢ ᠪᠠᠷᠢᠮᠲᠠᠯᠠᠵᠤ ᠪᠣᠲᠠᠲᠠᠢ ᠠᠵᠢᠯᠯᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ 1800 ᠲᠡᠭᠰᠢ ᠳᠥᠷᠪᠡᠯᠵᠢᠨ ᠮᠧᠲᠷ ᠥᠷᠭᠡᠳᠬᠡᠨ ᠪᠠᠶᠢᠭᠤᠯᠵᠤ᠂ ᠲᠢᠩᠬᠢᠮ ᠳᠤ ᠤᠷᠤᠭᠰᠠᠨ ᠵᠦᠶᠯᠡᠰ 1545 ᠵᠦᠢᠯ ᠳᠤ ᠬᠦᠷᠴᠦ᠂ ᠭᠤᠶᠤᠴᠢᠯᠠᠬᠤ ᠪᠠᠷ ᠦᠨᠳᠦᠰᠦᠯᠡᠯ ᠪᠣᠯᠭᠠᠭᠰᠠᠨ ᠲᠥᠷᠥᠯ ᠵᠦᠢᠯ ᠤᠨ ᠤᠷᠤᠭᠰᠠᠨ ᠨᠣᠷᠮ᠎ᠠ 100% ᠬᠦᠷᠪᠡ︔ ᠳᠤᠮᠳᠠ ᠪᠠᠭ᠎ᠠ ᠠᠵᠤ ᠠᠬᠤᠶᠢᠯᠠᠯ ᠤᠨ ᠦᠷᠢ ᠰᠢᠷᠢ ᠶᠢ 4592.5 ᠲᠦᠮᠡᠨ ᠲᠥᠭᠦᠷᠢᠭ ᠳᠥᠯᠥᠵᠦ ᠳᠠᠭᠤᠰᠬᠠᠨ᠂ 4 ᠠᠵᠤ ᠠᠬᠤᠶᠢᠯᠠᠯ ᠳᠤ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠪᠡᠶᠡᠯᠡᠭᠦᠯᠵᠦ᠂ ᠤᠤᠯ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠰᠠᠭᠤᠷᠢᠨ ᠢ ᠨᠡᠭᠡᠭᠡᠨ ᠬᠥᠭᠵᠢᠭᠦᠯᠬᠦ ᠵᠡᠷᠭᠡ ᠨᠢᠭᠡ ᠪᠦᠯᠦᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠣᠷᠴᠢᠨ ᠨᠥᠬᠦᠴᠡᠯ ᠬᠤᠪᠢᠷᠠᠯᠳᠠ ᠲᠠᠢ᠂ ᠦᠶᠯᠡᠴᠢᠯᠡᠭᠡ ᠰᠢᠯᠢᠳᠡᠭᠵᠢᠵᠦ ᠪᠠᠶᠢᠬᠤ ᠶᠢ ᠰᠡᠷᠡᠨ ᠮᠡᠳᠡᠷᠡᠭᠦᠯᠪᠡ ᠃      ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠪᠠᠶᠢᠳᠠᠯ ᠢᠯᠡᠷᠡᠵᠦ᠂ ᠪᠥᠬᠦ ᠵᠢᠯ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠤᠨ ᠬᠤᠷᠠᠮᠳᠤᠭᠤᠯᠪᠠ        —— ᠬᠡᠮᠵᠢᠶ᠎ᠡ  ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠡᠷᠭᠦᠨ ᠬᠥᠭᠵᠢᠪᠡ᠃ ᠨᠢᠭᠡ ᠵᠢᠯ ᠤᠨ ᠲᠤᠷᠰᠢ᠂ ᠪᠢᠳᠡ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠢ ᠠᠳᠬᠤᠵᠤ᠂ ᠪᠥᠬᠦ ᠬᠦᠴᠦᠨ ᠢᠶᠠᠷ  ᠢᠶᠠᠨ ᠲᠥᠷᠥᠯ ᠵᠦᠶᠯ ᠢ ᠠᠳᠬᠤᠨ ᠪᠠᠯᠠ ᠣᠷᠣᠭᠤᠯᠤᠯᠲᠠ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ ᠃ ᠪᠥᠬᠦ ᠵᠢᠯ ᠳᠤ ᠰᠢᠨᠡᠪᠡᠷ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ 68 ᠲᠥᠷᠥᠯ ᠵᠦᠶᠯ ᠢ ᠣᠷᠣᠭᠤᠯᠤᠨ ᠠᠪᠴᠢᠷᠠᠵᠤ᠂ 277.8% ᠪᠠᠷ ᠨᠡᠮᠡᠭᠳᠡᠨ᠂ 28.8 ᠳ᠋ᠦᠩᠰᠢᠭᠤᠷ ᠲᠥᠭᠦᠷᠢᠭ ᠪᠠᠯᠠ ᠮᠥᠩᠭᠦ ᠶᠢ ᠪᠣᠳᠠᠲᠠᠶᠢᠵᠢᠭᠤᠯᠵᠤ᠂ 43.3% ᠪᠠᠷ ᠨᠡᠮᠡᠭᠳᠡᠪᠡ︔ 38 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠵᠦ᠂ 35.7% ᠪᠠᠷ ᠨᠡᠮᠡᠭᠳᠡᠵᠦ᠂ ᠬᠤᠳᠠᠯᠳᠤᠭᠠᠴᠢᠨ ᠤᠷᠢᠵᠤ ᠪᠡᠯᠡ ᠲᠠᠳᠠᠭᠰᠠᠨ ᠦᠷ᠎ᠡ ᠪᠦᠲᠦᠮᠵᠢ᠂ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠴᠥᠮ ᠰᠢᠨ᠎ᠡ ᠥᠨᠳᠥᠷ ᠢ ᠡᠭᠦᠳᠪᠡ ᠃ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠤᠯᠠᠨ ᠳᠦᠷᠦ  ᠶᠢᠨ ᠪᠤᠳᠤᠯᠭ᠎ᠠ ᠪᠣᠯᠤᠨ ᠵᠠᠯᠭᠠᠮᠵᠢ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠤᠯᠠᠨ ᠲᠠᠯ᠎ᠠ ᠪᠠᠷ ᠬᠦᠴᠦᠯᠡᠵᠦ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠢ   ᠬᠠᠰᠤᠭᠰᠠᠨ ᠬᠡᠮᠵᠢᠶ᠎ᠡ ᠳ᠋ᠦᠩᠰᠢᠭᠤᠷ ᠲᠥᠭᠦᠷᠢᠭ ᠳᠠᠪᠠᠪᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠦᠭᠡᠮᠡᠯ ᠬᠠᠷᠠᠭᠠᠯᠵᠠᠬᠤ ᠵᠢᠭᠡᠯᠡᠯᠭᠡ ᠶᠢᠨ ᠮᠦᠩᠬᠦ 27 ᠳ᠋ᠦᠩᠰᠢᠭᠤᠷ ᠲᠥᠭᠦᠷᠢᠭ ᠲᠠᠷᠬᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ 5774 ᠡᠷᠦᠬᠡ ᠨᠡᠮᠡᠭᠳᠡᠪᠡ ᠃ ᠥᠪᠡᠷᠲᠡᠭᠡᠨ ᠵᠠᠰᠠᠬᠤ ᠣᠷᠣᠨ ᠤ《ᠲᠠᠪᠤ ᠶᠢ ᠦᠨᠳᠤᠰᠤᠨ ᠠᠴᠠ ᠨᠢ ᠡᠬᠢᠯᠡᠭᠦᠯᠬᠦ 》ᠠᠵᠢᠯᠯᠠᠭ᠎ᠠ ᠶᠢᠨ ᠲᠣᠭᠲᠠᠭᠰᠠᠨ ᠡᠭᠦᠷᠭᠡ ᠪᠠᠨ ᠪᠦᠬᠦᠨ ᠢ ᠪᠡᠶᠡᠯᠡᠭᠦᠯᠵᠦ᠂ ᠵᠠᠷᠢᠮ ᠠᠵᠤ ᠠᠬᠤᠢ ᠶᠢᠨ ᠬᠦᠷᠢᠶ᠎ᠡ ᠬᠡᠪᠴᠢᠶᠡᠨ ᠳᠤ ᠤᠷᠲᠤ ᠬᠤᠭᠤᠴᠠᠭ᠎ᠠ ᠣᠷᠣᠰᠢᠵᠤ ᠪᠠᠶᠢᠭᠰᠠᠨ ᠶᠠᠰᠤ ᠴᠢᠨᠠᠷ ᠳᠣᠣᠷ᠎ᠠ ᠦᠷ᠎ᠡ ᠠᠰᠢᠭ ᠳᠣᠣᠷ᠎ᠠ᠂ ᠰᠤᠯᠠ ᠪᠠᠶᠢᠯᠭᠠᠨ ᠰᠤᠶᠢᠳᠴᠤ ᠪᠠᠶᠢᠭ᠎ᠠ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠵᠢᠱᠢᠯᠲᠡ ᠪᠠᠷ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 159.38 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ  ᠶᠢ 40.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ 40% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠯᠲᠡ ᠥᠷᠲᠡᠭ ᠤᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠣ᠂ ᠪᠠᠭᠤᠷᠠᠵᠦ ᠪᠠᠶᠢᠭᠰᠠᠨ ᠬᠠᠨᠳᠤᠰᠢ ᠶᠢ ᠬᠤᠪᠢᠷᠠᠭᠤᠯᠪᠠ︔ ᠡᠩ ᠤᠨ ᠣᠯᠠᠨ ᠨᠡᠶᠢᠲᠡ ᠶᠢᠨ ᠲᠥᠰᠦᠪ  ᠤᠨ ᠣᠷᠣᠯᠭ᠎ᠠ ᠶᠢ 8.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ  ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠤᠩᠬᠡᠢ ᠲᠤᠭ᠎ᠠ 3.5% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠥᠮᠦᠨ ᠳᠤᠮᠳᠠᠴᠢ ᠶᠢᠨ ᠲᠣᠬᠢᠷᠠᠭᠤᠯᠵᠤ ᠪᠣᠯᠬᠤᠶᠢᠴᠠ ᠣᠷᠣᠯᠭ᠎ᠠ ᠲᠣᠰᠪᠣᠷᠢ 36235 ᠲᠥᠭᠦᠷᠢᠭ ᠪᠠ 33987 ᠲᠥᠭᠦᠷᠢᠭ ᠬᠦᠷᠴᠤ᠂ 8.75% ᠪᠠ 9.85% ᠨᠡᠮᠡᠭᠳᠡᠪᠡ ᠃ ᠠᠵᠤ ᠠᠬᠤᠶ ᠶᠢᠨ ᠠᠵᠢᠯᠯᠠᠭᠠᠨ ᠰᠡᠷᠭᠦᠵᠦ᠂ ᠵᠦᠶ ᠵᠣᠬᠢᠰᠲᠠᠶ ᠣᠷᠣᠨ ᠵᠠᠶ ᠳᠤ ᠪᠤᠴᠠᠨ ᠲᠦᠷᠭᠡᠨ ᠬᠦᠭᠵᠢᠪᠡ ᠃       —— ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂《 ᠠᠷᠪᠠᠨ ᠠᠵᠤ ᠦᠢᠯᠡᠰ 》ᠥᠷᠨᠢᠨ ᠬᠥᠭᠵᠢᠪᠡ ᠃ ᠨᠢᠭᠡ ᠵᠢᠯ ᠤᠨ ᠲᠤᠷᠰᠢ᠂ ᠪᠢᠳᠡ ᠬᠤᠰᠢᠭᠤ ᠲᠠᠶᠠᠭᠠᠷ ᠤᠨ ᠬᠦᠴᠦᠨ ᠢ  ᠲᠦᠪᠯᠡᠷᠡᠭᠦᠯᠦᠨ ᠠᠯᠠᠰᠢᠨ ᠦᠬᠡᠷ ᠵᠡᠷᠭᠡ《 ᠠᠷᠪᠠᠨ ᠠᠵᠤ ᠦᠶᠯᠡᠰ 》 ᠢ ᠪᠣᠶᠢᠵᠢᠭᠤᠯᠤᠨ ᠬᠥᠭᠵᠢᠭᠦᠯᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠳᠠᠬᠢᠨ ᠡᠭᠦᠳᠴᠦ᠂ ᠤᠨᠴᠠᠯᠢᠭᠳᠤ ᠲᠠᠷᠢᠶᠠᠯᠠᠩ ᠮᠠᠯ ᠠᠵᠤ ᠠᠬᠤᠶ᠂ ᠰᠢᠨ᠎ᠡ ᠬᠡᠯᠪᠡᠷᠢ ᠶᠢᠨ ᠠᠵᠤ ᠦᠶᠯᠡᠳᠪᠦᠷᠢ ᠪᠠ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠦᠷᠢᠰᠤᠯᠳᠤᠨ ᠬᠦᠭᠵᠢᠵᠦ᠂ ᠲᠦᠪᠯᠡᠷᠡᠨ ᠲᠠᠰ ᠲᠡᠪᠰᠢᠪᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠰᠢᠨ᠎ᠡ ᠠᠬᠢᠴᠠ ᠭᠠᠷᠪᠠ᠂ ᠠᠮᠤ ᠪᠤᠳᠠᠭᠠᠨ ᠤ ᠤᠨᠠᠯᠲᠠ 21.8 ᠳ᠋ᠦᠩᠰᠢᠭᠤᠷ ᠵᠢᠩ ᠬᠦᠷᠴᠦ᠂ 1.6 ᠳ᠋ᠦᠩᠰᠢᠭᠤᠷ ᠵᠢᠩ ᠨᠡᠮᠡᠭᠳᠡᠨ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ ᠃ ᠮᠠᠯ ᠠᠵᠤ ᠠᠬᠤᠢ ᠶᠢᠨ ᠤᠨ ᠤ ᠮᠠᠯ ᠣᠨᠣᠭᠠᠨ ᠤ ᠲᠤᠭ᠎ᠠ 298 ᠲᠦᠮᠡ ᠬᠦᠷᠴᠤ᠂ 11% ᠨᠡᠮᠡᠭᠳᠡᠪᠡ᠂ ᠡᠭᠦᠨ ᠳᠤ ᠦᠬᠡᠷ 12 ᠲᠦᠮᠡ ᠨᠡᠮᠡᠭᠳᠡᠵᠦ᠂ 60 ᠲᠦᠮᠡ ᠬᠦᠷᠴᠤ᠂ ᠮᠠᠯ ᠰᠦᠷᠦᠭ ᠤᠨ ᠪᠦᠲᠦᠴᠡ ᠨᠠᠩ ᠰᠢᠯᠢᠳᠡᠭᠵᠢᠪᠡ ᠃ ᠠᠯᠠᠰᠢᠨ ᠦᠬᠡᠷ ᠤᠨ ᠠᠵᠤ ᠦᠶᠯᠡᠰ ᠤᠨ ᠬᠡᠯᠬᠢᠶ᠎ᠡ ᠶᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠦᠬᠡᠷ  ᠤᠨ ᠠᠵᠤ ᠦᠶᠯᠡᠰ ᠢ ᠨᠡᠪᠴᠢᠭᠦᠯᠬᠦ ᠰᠠᠭᠤᠷᠢᠨ ᠭᠠᠵᠠᠷ ᠢ ᠡᠬᠢᠯᠡᠨ ᠪᠠᠶᠢᠭᠤᠯᠵᠤ᠂ ᠰᠢᠨᠡᠪᠡᠷ ᠦᠬᠡᠷ ᠲᠡᠵᠢᠭᠡᠬᠦ ᠲᠥᠷᠥᠯ ᠵᠦᠶᠯ ᠢ 7 ᠣᠷᠣᠭᠤᠯᠤᠨ ᠠᠪᠴᠢᠷᠠᠵᠤ᠂ ᠮᠢᠩᠭᠠᠨ ᠦᠬᠡᠷ ᠲᠡᠵᠢᠭᠡᠬᠦ ᠲᠠᠯᠠᠪᠠᠶ 2᠂ ᠵᠠᠭᠤᠨ ᠦᠬᠡᠷ ᠲᠡᠵᠢᠭᠡᠬᠦ ᠲᠠᠯᠠᠪᠠᠶ 115 ᠪᠠᠶᠢᠭᠤᠯᠵᠤ᠂ ᠮᠠᠯᠴᠢᠨ ᠠᠶᠢᠯ 2 ᠲᠦᠮᠡᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠶᠯ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠠᠯᠠᠰᠢᠨ ᠦᠬᠡᠷ ᠤᠨ ᠪᠦᠬᠦ ᠠᠵᠤ ᠦᠶᠯᠡᠰ ᠤᠨ ᠬᠡᠯᠬᠢᠶ᠎ᠡ ᠶᠢ ᠪᠦᠷᠢᠯᠳᠤᠭᠦᠯᠪᠡ᠂ ᠪᠠᠶ ᠱᠦᠨ ᠪᠣᠬᠢᠷᠲᠤᠯ ᠥᠬᠡᠶ ᠦᠬᠡᠷ ᠤᠨ ᠮᠢᠬ᠎ᠠ ᠤᠯᠤᠰ ᠤᠨ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠣᠷᠳᠣᠨ ᠳᠤ ᠣᠷᠣᠵᠤ᠂ ᠣᠷᠣᠨ ᠪᠦᠰᠡ ᠶᠢᠨ ᠣᠨᠴᠠᠯᠢᠭᠲᠤ ᠲᠥᠷᠥᠯ ᠲᠡᠮᠳᠡᠭ ᠤᠨ ᠦᠷ᠎ᠡ ᠠᠰᠢᠭ ᠦᠷᠭᠦᠯᠵᠢᠯᠡᠨ ᠲᠡᠭᠡᠭᠰᠢᠯᠡᠪᠡ᠃ ᠠᠮᠢᠲᠠᠨ  ᠤ ᠡᠮᠨᠡᠯᠭᠡ ᠶᠢᠨ ᠬᠤᠷᠢᠶ᠎ᠠ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠵᠢᠭᠡᠯ ᠡᠪᠡᠰᠦ ᠨᠥᠭᠡᠴᠡᠯᠡᠨ ᠲᠡᠭᠡᠭᠡᠪᠦᠷᠢᠯᠡᠬᠦ ᠲᠥᠪ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠂ ᠰᠢᠨᠡᠪᠡᠷ 35 ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ᠂ 32 ᠲᠦᠮᠡᠨ ᠲᠡᠭᠰᠢ ᠳᠥᠷᠪᠡᠯᠵᠢᠨ ᠮᠧᠲᠷ ᠫᠧᠩ ᠰᠠᠷᠠᠪᠴᠢ᠂ 2.6 ᠲᠦᠮᠡᠨ ᠪᠣᠰᠤᠭ᠎ᠠ ᠳᠥᠷᠪᠡᠯᠵᠢᠨ ᠮᠧᠲᠷ ᠵᠣᠭᠤᠷᠢ ᠲᠠᠳᠠᠭᠠᠯ ᠪᠠᠶᠢᠭᠤᠯᠵᠤ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠤᠯᠠᠮ ᠪᠠᠬᠢᠵᠢᠪᠡ᠃ ᠡᠾᠦ᠋ᠢ ᠴᠧᠩ ᠡᠷᠳᠡᠨᠢ ᠰᠢᠰᠢ ᠶᠢ ᠳᠠᠷᠤᠰᠢᠭᠤᠯᠬᠤ ᠵᠢᠴᠢ ᠡᠯᠳᠡᠪ ᠠᠮᠤ ᠶᠢ ᠡᠳ᠋ᠰᠢᠭᠦᠯᠦᠨ ᠪᠣᠯᠪᠠᠰᠤᠷᠠᠭᠤᠯᠬᠤ᠂ ᠴᠢᠪᠠᠭᠠᠳᠤ ᠨᠠᠩᠭᠢ ᠡᠷᠳᠡᠨᠢ ᠰᠢᠰᠢ ᠶᠢ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠢᠩᠭᠠᠨ ᠮᠦ ᠶᠢᠨ《 ᠰᠢᠶᠣᠤ ᠾᠧ ᠰᠢ ᠶᠢᠨ ᠠᠮᠲᠠᠲᠤ ᠲᠤᠲᠤᠷᠭ᠎ᠠ 》ᠲᠠᠷᠢᠬᠤ ᠰᠠᠭᠤᠷᠢᠨ ᠭᠠᠵᠠᠷ ᠢ ᠪᠠᠶᠢᠭᠤᠯᠤᠨ ᠳᠠᠭᠤᠰᠬᠠᠵᠤ᠂ ᠨᠠᠷᠢᠮᠤ᠂ ᠨᠣᠭᠤᠭᠠᠨ ᠪᠤᠷᠴᠠᠭ ᠵᠡᠷᠭᠡ ᠡᠯᠳᠡᠪ ᠠᠮᠤ ᠪᠤᠷᠴᠠᠭ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ 30 ᠲᠦᠮᠡᠨ ᠲᠣᠨ ᠲᠠᠪᠠᠵᠦ᠂ ᠪᠦᠲᠦᠭᠡᠭᠳᠡᠬᠦᠨ ᠤ《ᠪᠤᠬᠢᠷᠳᠤᠯ ᠦᠭᠡᠢ ᠠᠭᠤᠯᠤᠭᠳᠠᠴᠠ 》ᠶᠡᠬᠡᠪᠡᠷ ᠲᠡᠭᠡᠭᠰᠢᠯᠡᠪᠡ᠃ ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠪᠥᠭᠡᠳ ᠬᠦᠴᠦᠲᠡᠶ ᠪᠤᠯᠪᠠ᠂ ᠤᠷᠴᠢᠯ ᠠᠵᠤ ᠠᠬᠤᠶ ᠶᠢᠨ 20 ᠲᠦᠮᠡᠨ ᠺᠢᠯᠣᠸᠠᠲ ᠤᠨ ᠰᠠᠯᠬᠢᠨ ᠴᠠᠬᠢᠯᠭᠠᠨ᠂ ᠾᠥᠸᠧ ᠮᠧᠶ ᠬᠤᠩ ᠵᠢᠶᠦ᠋ᠨ ᠤ ᠢᠯᠴᠢᠳᠤ ᠴᠠᠬᠢᠯᠭᠠᠨ ᠢ ᠠᠮᠢᠳᠣᠯᠢᠭ ᠢᠶᠠᠷ ᠦᠭᠡᠷᠡᠴᠢᠯᠡᠨ 15 ᠲᠦᠮᠡᠨ ᠺᠢᠯᠣᠸᠠᠲ ᠤᠨ ᠬᠡᠷᠡᠯ ᠴᠠᠬᠢᠯᠭᠠᠨ ᠤ ᠲᠥᠷᠥᠯ ᠵᠦᠶᠯ ᠢ ᠪᠠᠶᠢᠭᠤᠯᠵᠤ ᠲᠣᠤᠷ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ  ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 30 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ ᠶᠡᠷᠦᠩᠬᠡᠶ ᠬᠡᠮᠵᠢᠶ᠎ᠡ 176 ᠲᠦᠮᠡᠨ ᠺᠢᠯᠣᠸᠠᠲ ᠬᠥᠷᠪᠡ᠃ ᠴᠤᠤ ᠶᠢᠨ 500 ᠲᠣᠨ ᠪᠸᠧᠮ ᠴᠢᠯᠠᠭᠤᠨ ᠤ ᠠᠵᠤ ᠦᠢᠯᠡᠰᠵᠢᠯᠲᠡ ᠶᠢᠨ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠢᠶᠠᠨ ᠱᠦᠸᠧ ᠶᠢᠨ ᠬᠦᠩᠭᠡᠨ ᠴᠠᠭᠠᠨ ᠤ ᠬᠠᠶᠢᠯᠤᠰᠢ ᠴᠢᠳᠬᠤᠬᠤ ᠲᠦᠷᠦᠯ ᠵᠦᠢᠯ ᠤᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠪᠡ ︔ ᠲᠢᠶᠠᠨ ᠹᠦ᠋ ᠬᠥᠩᠭᠡᠨ ᠴᠠᠭᠠᠨ ᠤ ᠦᠨᠡᠰᠦ ᠰᠢᠭᠠᠷᠤ ᠶᠢ ᠰᠢᠶᠳᠪᠦᠷᠢᠯᠡᠬᠦ᠂ ᠷᠦᠨ ᠯᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠲᠥᠷᠥᠯ ᠵᠦᠶᠯ ᠲᠤᠷᠰᠢᠨ ᠦᠶᠯᠡᠳᠪᠦᠷᠢᠯᠡᠵᠦ᠂ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠬᠠᠶᠠᠭᠳᠠᠮᠠᠯ ᠡᠬᠢ ᠪᠠᠶᠠᠯᠢᠭ ᠢ ᠳᠠᠬᠢᠨ ᠠᠰᠢᠭᠯᠠᠬᠤ ᠶᠢ ᠪᠡᠶᠡᠯᠡᠭᠦᠯᠪᠡ᠃ ᠴᠧᠩ ᠷᠦᠨ ᠡᠨᠧᠷᠭᠢ  ᠶᠢᠨ ᠡᠷᠦᠳᠡᠰᠦ ᠶᠢᠨ ᠲᠣᠰᠣ ᠶᠢ ᠳᠠᠬᠢᠨ ᠠᠰᠢᠭᠯᠠᠬᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠤᠰᠢᠭᠠᠢ ᠳᠠᠪᠠᠭᠠᠨ ᠤ ᠲᠤᠭᠤᠯᠭ᠎ᠠ ᠴᠠᠶᠢᠷ ᠤᠨ ᠠᠭᠤᠷᠬᠠᠢ ᠶᠢ ᠬᠠᠶᠢᠨ ᠰᠢᠨᠵᠢᠯᠡᠵᠦ᠂ ᠹᠦ᠋ ᠢᠤᠢ ᠳᠦᠨ ᠲᠤᠰᠬᠤᠨ ᠤ ᠭᠤᠤ ᠯᠢᠩ ᠰᠢᠷᠣᠢ ᠬᠠᠶᠢᠯᠤᠭᠤᠷ ᠵᠣᠩᠰᠢ ᠭᠠᠷᠭᠠᠬᠤ 5 ᠲᠦᠮᠡᠨ ᠲᠣᠨ ᠬᠦᠳᠡᠷ ᠰᠢᠯᠢᠬᠦ ᠲᠥᠷᠥᠯ ᠵᠦᠢᠯ ᠤᠨ ᠠᠭᠤᠷᠬᠠᠢ ᠶᠢᠨ ᠨᠤᠨᠳᠠᠭᠯᠠᠬᠤ ᠲᠠᠰᠤᠭ᠂ ᠬᠦᠳᠡᠷ ᠤᠨ ᠰᠢᠭᠠᠷᠤ ᠶᠢᠨ ᠬᠥᠮᠥᠷᠭᠡ ᠶᠢ ᠪᠠᠶᠢᠭᠤᠯᠤᠨ ᠳᠠᠭᠤᠰᠬᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 2 ᠨᠡᠮᠡᠭᠳᠡᠵᠦ᠂ ᠨᠡᠭᠦᠷᠡᠰᠦᠨ ᠤ ᠭᠠᠷᠤᠯᠲᠠ ᠶᠢ 1800 ᠲᠦᠮᠡᠨ ᠲᠣᠨ ᠤ ᠲᠤᠳᠤᠷ᠎ᠠ ᠲᠣᠭᠲᠠᠪᠤᠷᠢᠵᠢᠭᠤᠯᠵᠤ᠂ ᠬᠥᠩᠭᠡᠨ ᠴᠠᠭᠠᠨ ᠤ ᠤᠶᠢᠯᠡᠰ ᠤᠨ ᠵᠠᠯᠭᠠᠮᠵᠢ ᠤᠶᠢᠯᠡᠳᠪᠤᠶᠢᠯᠡᠯ 70 ᠲᠦᠮᠡᠨ ᠲᠣᠨ ᠢ ᠲᠠᠪᠠᠵᠦ᠂ ᠪᠥᠬᠦ ᠵᠢᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 89 ᠳ᠋ᠦᠩᠰᠢᠭᠤᠷ ᠭᠷᠠᠳᠦ᠋ᠰ ᠬᠦᠷᠴᠤ᠂ 5.7% ᠨᠡᠮᠡᠭᠳᠡᠪᠡ᠃ ᠠᠵᠤ ᠦᠶᠯᠡᠰ ᠤᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠠᠵᠤ ᠦᠶᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠳ᠋ᠦᠩ ᠢ ᠡᠬᠢᠯᠡᠨ ᠬᠡᠷᠡᠭᠯᠡᠵᠦ᠂ ᠤᠶᠤᠨᠴᠢ ᠲᠣᠭᠤᠷᠢᠭ ᠤᠨ ᠵᠢᠯᠣᠭᠤᠳᠬᠤ ᠲᠥᠪ ᠢ ᠪᠠᠶᠢᠭᠤᠯᠵᠤ ᠳᠠᠭᠤᠰᠬᠠᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠦᠷᠭᠡᠳᠪᠡ᠂ ᠬᠤᠩᠬᠠᠳᠤ ᠠᠭᠤᠯᠠ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠬᠦᠮᠤᠷᠭᠡ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠰᠡᠭᠦᠵᠢ ᠶᠢᠨ ᠳᠠᠪᠠᠭ᠎ᠠ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠪᠠᠷᠠᠭ᠎ᠠ  ᠶᠢᠨ ᠲᠠᠯᠠᠪᠠᠢ ᠶᠢᠨ ᠪᠠᠷᠢᠯᠭ᠎ᠠ ᠳᠠᠭᠤᠰᠴᠤ᠂ ᠵᠢᠩ ᠯᠢ ᠨᠡᠭᠦᠷᠡᠰᠦᠨ ᠬᠥᠮᠥᠷᠭᠡ ᠶᠢᠨ ᠪᠠᠶᠢᠭᠤᠯᠤᠯᠲᠠ ᠳᠠᠭᠤᠰᠴᠤ᠂ ᠴᠢ ᠶᠦᠨ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠢ ᠬᠤᠳᠠᠯᠳᠤᠨ ᠣᠷᠣᠭᠤᠯᠪᠠ᠃ ᠬᠤᠸᠠ ᠴᠢᠶᠤᠤ ᠴᠧᠩ ᠪᠦᠯᠦᠭᠯᠡᠯ ᠢ ᠤᠷᠢᠵᠤ ᠪᠦᠬᠦ ᠬᠤᠰᠢᠭᠤᠨ ᠤ ᠵᠢᠭᠤᠯᠴᠢᠯᠠᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠬᠠᠮᠲᠤ ᠶᠢᠨ ᠬᠤᠷᠢᠮ ᠤᠨ ᠶᠣᠰᠣᠯᠠᠯ᠂ ᠪᠥᠬᠦ ᠤᠯᠤᠰ ᠤᠨ ᠬᠡᠷᠡᠯ ᠵᠢᠷᠤᠭ ᠤᠨ ᠦᠵᠡᠰᠬᠦᠯᠡᠩ ᠵᠡᠷᠭᠡ ᠰᠢᠷᠢᠰ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠᠲᠠᠶ ᠡᠷᠭᠢᠯᠡᠵᠦ᠂ 80 ᠲᠦᠮᠡ ᠰᠢᠬᠠᠮ ᠵᠤᠭᠠᠴᠠᠭᠰᠠᠳ ᠢ ᠭᠥᠯᠢᠶᠡᠨ ᠠᠪᠴᠤ᠂ 29% ᠨᠡᠮᠡᠭᠳᠡᠨ᠂ ᠶᠡᠷᠦᠩᠬᠡᠶ ᠣᠷᠣᠯᠭ᠎ᠠ 8 ᠳ᠋ᠦᠩᠰᠢᠭᠤᠷ ᠲᠥᠭᠦᠷᠢᠭ ᠢ ᠳᠠᠪᠠᠵᠤ᠂ 38% ᠨᠡᠮᠡᠭᠳᠡᠪᠡ᠃ 13 ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠷᠦᠭᠡ ᠪᠠᠶᠢᠭᠤᠯᠵᠤ᠂《 ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠪᠤᠯ ᠮᠢᠨᠦ ᠦᠯᠦᠭᠡᠢ ᠬᠡᠬᠦ ᠨᠡᠷᠡᠲᠦ ᠲᠠᠷᠢᠶᠠᠯᠠᠩ ᠤᠨ ᠪᠦᠲᠦᠭᠡᠭᠳᠡᠬᠦᠨ ᠤ ᠲᠣᠮᠣ ᠬᠡᠯᠪᠡᠷᠢ  ᠶᠢᠨ ᠨᠡᠶᠢᠲᠡ ᠶᠢᠨ ᠠᠰᠠᠷᠠᠮᠵᠢ ᠶᠢᠨ ᠰᠢᠭᠤᠳ ᠨᠡᠪᠲᠡᠷᠡᠭᠦᠯᠭᠡ 》 ᠶᠢᠨ ᠠᠵᠢᠯᠯᠠᠭ᠎ᠠ ᠶᠢ ᠠᠮᠵᠢᠯᠲᠠᠲᠠᠢ ᠡᠷᠬᠢᠯᠡᠵᠦ᠂ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 4 ᠳ᠋ᠦᠩᠰᠢᠭᠤᠷ ᠲᠥᠭᠦᠷᠢᠭ ᠳᠠᠪᠠᠪᠠ ᠃ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢ ᠲᠡᠳᠡᠨ ᠣᠷᠣᠭᠤᠯᠵᠤ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠯ᠎ᠡ ᠵᠦᠶᠯ ᠤᠨ ᠵᠢᠭᠡᠯᠡᠯᠭᠡ ᠶᠢᠨ ᠦᠯᠡᠳᠡᠪᠦᠷᠢ 93.7 ᠳ᠋ᠦᠩᠰᠢᠭᠤᠷ ᠲᠥᠭᠦᠷᠢᠭ ᠬᠦᠷᠴᠦ᠂ 16.5% ᠨᠡᠮᠡᠭᠳᠡᠪᠡ︔ ᠬᠠᠳᠠᠭᠠᠯᠠᠮᠵᠢ ᠶᠢᠨ ᠦᠯᠡᠳᠡᠪᠦᠷᠢ 117.9 ᠳ᠋ᠦᠩᠰᠢᠭᠤᠷ ᠲᠦᠭᠦᠷᠢᠭ᠂ 20% ᠨᠡᠮᠡᠭᠳᠡᠪᠡ︔ ᠦᠬᠡᠷ ᠤᠨ ᠠᠵᠤ ᠦᠢᠯᠡᠰ ᠤᠨ ᠵᠢᠭᠡᠯᠡᠯᠭᠡ 17 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠣᠷᠣᠨ ᠤ ᠠᠩᠬᠠᠳᠠᠭᠴᠢ《 ᠣᠶᠤᠨᠴᠢ ᠮᠠᠯ ᠠᠵᠤ ᠠᠬᠤᠢ ᠶᠢᠨ ᠵᠢᠭᠡᠯᠡᠯᠭᠡ 》 ᠶᠢ ᠲᠠᠷᠬᠠᠭᠠᠵᠤ᠂ ᠠᠮᠢᠳᠤ ᠮᠠᠯ ᠢᠶᠠᠷ ᠪᠠᠷᠢᠴᠠᠭᠠᠯᠠᠬᠤ ᠶᠢ ᠪᠡᠶᠡᠯᠡᠭᠦᠯᠵᠦ᠂ ᠲᠡᠵᠢᠭᠡᠪᠤᠷᠢ ᠶᠢᠨ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠡᠷᠦᠬᠡ ᠵᠢᠭᠡᠯᠡᠯᠭᠡ ᠠᠪᠬᠤ ᠳᠤ ᠨᠠᠩ ᠳᠥᠭᠦᠮ ᠪᠣᠯᠪᠠ ᠃      —— ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ  ᠶᠢᠨ ᠣᠷᠴᠢᠨ ᠲᠣᠭᠤᠷᠢᠨ ᠪᠦᠬᠦ ᠲᠠᠯ᠎ᠠ ᠪᠠᠷ ᠳᠡᠭᠡᠭᠰᠢᠯᠡᠪᠡ᠃ ᠨᠢᠭᠡ ᠵᠢᠯ ᠤᠨ ᠲᠤᠷᠰᠢ᠂ ᠪᠢᠳᠡ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠢᠮᠠᠭᠲᠠ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠶᠢ ᠨᠠᠩ ᠪᠠᠬᠢᠵᠢᠭᠦᠯᠪᠡ᠃《 ᠭᠤᠷᠪᠠᠨ ᠣᠷᠤᠨ ᠭᠤᠷᠪᠠᠨ ᠱᠤᠭᠤᠮ 》 ᠢ ᠢᠯᠭᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠭᠤᠷᠪᠠᠨ ᠱᠠᠲᠤᠨ ᠤ ᠣᠢ ᠶᠢᠨ ᠠᠬᠠᠯᠠᠭᠴᠢ ᠶᠢᠨ ᠳᠦᠷᠢᠮ ᠤᠨ ᠰᠢᠰᠲ᠋ᠧᠮ ᠢ ᠡᠬᠢᠯᠡᠨ ᠠᠵᠢᠯᠯᠠᠭᠤᠯᠵᠤ᠂《 ᠣᠢ ᠬᠠᠮᠠᠭᠠᠯᠠᠬᠤ ᠡᠷᠳᠡᠨᠢ 》 ᠶᠢᠨ ᠲᠣᠭᠤᠷᠢᠨ ᠬᠠᠮᠠᠭᠠᠯᠠᠵᠤ ᠬᠠᠮᠢᠶᠠᠷᠬᠤ ᠰᠢᠰᠲ᠋ᠧᠮ ᠢ ᠠᠰᠢᠭᠯᠠᠯᠲᠠ ᠳᠤ ᠣᠷᠣᠭᠤᠯᠪᠠ᠃《 2022 ᠣᠨ ᠤ ᠣᠶ ᠰᠢᠭᠤᠶ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ 》 ᠢ ᠡᠷᠬᠢᠯᠡᠪᠡ᠂ ᠤᠯᠤᠰ ᠤᠨ ᠠᠺᠠᠳᠧᠮᠢᠴᠢ᠂ ᠲᠤᠰᠬᠠᠶ ᠮᠡᠷᠭᠡᠵᠢᠯᠲᠡᠨ ᠢ ᠤᠷᠢᠵᠤ ᠣᠶ ᠰᠢᠭᠤᠶ ᠶᠢᠨ ᠠᠵᠤ ᠠᠬᠤᠶ ᠶᠢᠨ ᠬᠥᠭᠵᠢᠯᠲᠡ ᠶᠢᠨ ᠰᠤᠳᠠᠰᠤ ᠶᠢ ᠠᠳᠬᠤᠵᠤ ᠴᠢᠭᠯᠡᠯ ᠢ ᠲᠣᠭᠲᠠᠭᠠᠪᠠ᠂《 ᠤᠯᠤᠰ  ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠭᠠᠨ ᠤ ᠭᠠᠵᠠᠷ ᠤᠨ ᠵᠠᠷᠤᠳ ᠳ᠋ᠣᠺᠲ᠋ᠣᠷ  ᠤᠨ ᠠᠵᠢᠯ ᠤᠨ ᠥᠷᠲᠡᠭᠡ 》ᠫᠠᠶᠢᠰᠠ ᠡᠯᠭᠦᠨ ᠪᠠᠶᠢᠭᠤᠯᠤᠭᠳᠠᠵᠤ᠂ ᠠᠵᠤ ᠠᠬᠤᠶ ᠶᠢᠨ ᠣᠶ ᠶᠢᠨ ᠠᠵᠤ ᠦᠶᠯᠡᠰ  ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ  ᠳᠠᠭᠤᠰᠬᠠᠵᠤ᠂ ᠠᠮᠢ ᠠᠬᠤᠶ ᠶᠢᠨ ᠠᠵᠤ ᠦᠶᠯᠡᠰ ᠶᠢᠨ ᠬᠦᠭᠵᠢᠯᠲᠡ ᠶᠢᠨ ᠵᠠᠮ ᠢ ᠲᠣᠳᠣᠷᠬᠠᠶᠢᠯᠠᠪᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ  ᠢ ᠯᠠᠪᠳᠠᠭᠤᠨ ᠪᠠᠲᠤᠲᠠᠢ ᠠᠬᠢᠭᠤᠯᠵᠤ᠂ 26.5 ᠲᠦᠮᠡᠨ ᠮᠦ ᠣᠢ ᠰᠢᠭᠤᠢ ᠶᠢᠨ ᠠᠮᠢ ᠠᠬᠤᠢ ᠶᠢ ᠬᠠᠮᠠᠭᠠᠯᠠᠬᠤ ᠪᠠ ᠵᠠᠰᠠᠨ  ᠰᠡᠷᠭᠦᠭᠡᠵᠦ᠂ 16 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠵᠤ᠂ 111 ᠲᠦᠮᠡᠨ ᠮᠦ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠲᠥᠷᠦᠯ ᠵᠦᠢᠯ ᠢ ᠪᠡᠶᠡᠯᠡᠭᠦᠯᠵᠦ᠂ ᠬᠠᠰᠢᠶᠠᠯᠠᠨ ᠲᠡᠵᠢᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠤᠯᠢ ᠶᠣᠰᠣᠭᠠᠷ ᠠᠬᠢᠭᠤᠯᠵᠤ᠂ ᠠᠮᠢ ᠠᠬᠤᠢ  ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠲᠦᠮᠵᠢᠲᠡᠢ ᠬᠠᠮᠠᠭᠠᠯᠠᠪᠠ︔ ᠴᠠᠩ ᠧ ᠱᠠᠨ ᠠᠭᠤᠯᠠ ᠵᠡᠷᠭᠡ 4 ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠨᠡᠶᠢᠳᠬᠡᠵᠦ᠂ ᠬᠠᠨ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠠᠭᠠᠷ ᠢᠶᠠᠷ ᠲᠣᠭᠤᠷᠢᠨ ᠪᠠᠶᠢᠴᠠᠭᠠᠨ ᠬᠠᠮᠠᠭᠠᠯᠠᠬᠤ ᠤᠷᠢᠳᠴᠢᠯᠠᠨ ᠰᠡᠷᠡᠮᠵᠢᠯᠡᠭᠦᠯᠬᠦ ᠬᠢᠨᠠᠯᠲᠠ ᠬᠠᠮᠢᠶᠠᠷᠤᠯᠲᠠ ᠶᠢ ᠡᠬᠢᠯᠡᠭᠦᠯᠪᠡ᠃ ᠯᠦᠪᠸᠢ ᠭᠤᠣᠯ  ᠤᠨ ᠬᠤᠲᠠ ᠶᠢᠨ ᠬᠡᠰᠡᠭ ᠤᠨ ᠵᠠᠰᠠᠯᠲᠠ ᠶᠢᠨ ᠪᠠᠷᠢᠯᠭ᠎ᠠ ᠶᠢ ᠳᠠᠭᠤᠰᠬᠠᠵᠤ᠂ ᠬᠤᠩᠬᠠᠲᠤ ᠠᠭᠤᠯᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠦᠨᠡᠭᠡᠴᠢ ᠭᠤᠣᠯ ᠤᠨ ᠠᠶᠤᠯᠲᠠᠢ ᠬᠡᠰᠡᠭ ᠢ ᠵᠠᠰᠠᠬᠤ ᠭᠤᠣᠯ ᠴᠣᠭᠴᠠ  ᠶᠢᠨ ᠪᠠᠷᠢᠯᠭ᠎ᠠ ᠶᠢ ᠳᠠᠭᠤᠰᠬᠠᠪᠠ᠃ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠳᠤ ᠦᠷ᠎ᠡ ᠪᠦᠲᠦᠭᠡᠯ ᠣᠯᠵᠤ᠂《 ᠬᠦᠨᠳᠦ ᠪᠣᠬᠢᠷᠲᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ 》 ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠰᠢ ᠰᠦᠷᠡᠯ ᠰᠢᠲᠠᠭᠠᠬᠤ ᠶᠢ ᠬᠠᠮᠢᠶᠠᠷᠤᠨ ᠡᠵᠡᠮᠳᠡᠬᠦ ᠪᠠ ᠵᠢᠵᠢᠭ ᠭᠦᠸᠧᠯᠦ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠦᠬᠦ ᠵᠢᠯ ᠤᠨ ᠰᠢᠯᠢᠳᠡᠭ ᠰᠠᠶᠢᠨ ᠬᠤᠨᠤᠭ ᠤᠨ ᠲᠤᠭ᠎ᠠ 98% ᠠᠴᠠ ᠳᠡᠭᠡᠭᠰᠢ ᠬᠦᠷᠪᠡ ᠃       ——  ᠣᠷᠣᠰᠢᠨ ᠠᠮᠢᠳᠤᠷᠠᠬᠤ ᠦᠶᠯᠡᠰ ᠪᠦᠲᠦᠭᠡᠬᠦ ᠳᠤ ᠲᠣᠬᠢᠷᠠᠮᠵᠢᠲᠠᠶ ᠪᠠᠶᠢᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠬᠤᠲᠠ ᠬᠥᠳᠡᠭᠡ ᠣᠷᠣᠨ ᠪᠦᠰᠡ ᠵᠤᠬᠢᠴᠠᠨ ᠬᠦᠭᠵᠢᠪᠡ᠃ ᠨᠢᠭᠡ ᠵᠢᠯ ᠤᠨ ᠲᠤᠷᠰᠢ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠳᠣᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠬᠠᠮᠲᠤ ᠪᠠᠷ ᠴᠢᠨᠡᠭᠡᠯᠢᠭᠵᠢᠬᠦ ᠰᠠᠭᠤᠷᠢ ᠨᠠᠩ ᠪᠠᠲᠤ ᠪᠠᠬᠢ ᠪᠣᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠣᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ 2093 ᠨᠡᠷᠡᠰ ᠬᠠᠪᠰᠤᠷᠤᠨ ᠲᠡᠳᠬᠦᠬᠦ ᠺᠠᠳ᠋ᠷ ᠢ ᠰᠣᠩᠭᠤᠨ ᠲᠣᠮᠢᠯᠠᠵᠤ᠂ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠣᠨᠣᠴᠠᠲᠠᠢ ᠨᠠᠶᠢᠳᠠᠪᠤᠷᠢᠵᠢᠭᠤᠯᠪᠠ︔ 8983 ᠲᠦᠮᠡᠨ ᠲᠥᠭᠦᠷᠢᠭ ᠪᠡᠯᠡ ᠣᠷᠣᠭᠤᠯᠵᠤ᠂ 86 ᠶᠠᠳᠠᠭᠤ ᠠᠴᠠ  ᠠᠩᠭᠢᠵᠢᠷᠠᠭᠤᠯᠬᠤ ᠰᠢᠪᠳᠣᠯᠣᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ ᠪᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠵᠣᠯᠭᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ  ᠢᠶᠠᠷ ᠠᠷᠠᠳ ᠢ ᠪᠠᠶᠠᠵᠢᠭᠤᠯᠬᠤ ᠰᠠᠭᠤᠷᠢ ᠦᠷᠭᠦᠯᠵᠢᠯᠡᠨ ᠴᠢᠩᠭᠠᠷᠠᠪᠠ︔ 86 ᠨᠤᠷᠠᠬᠤ ᠠᠶᠤᠯᠲᠠᠢ ᠭᠡᠷ ᠪᠠᠶᠢᠰᠢᠩ᠂ 5578 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂《 ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠬᠥᠳᠡᠭᠡ ᠲᠣᠰᠬᠤᠨ ᠤ ᠪᠣᠯᠪᠠᠰᠤᠨ ᠢ ᠠᠬᠢᠭᠤᠯᠣᠭᠰᠠᠨ 》ᠵᠠᠭᠪᠤᠷ ᠢ ᠪᠦᠬᠦ ᠬᠤᠲᠠ ᠳᠤ ᠳᠡᠯᠭᠡᠷᠡᠭᠦᠯᠪᠡ᠃ 192 ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠬᠡᠷᠡᠭᠯᠡᠵᠦ ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠨᠠᠩ ᠵᠢᠷᠤᠮᠵᠢᠭᠤᠯᠪᠠ︔ 16.7 ᠺᠢᠯᠦᠮᠧᠲᠷ ᠤᠰᠤ ᠬᠠᠩᠭᠠᠬᠤ᠂ ᠢᠯᠴᠢ ᠬᠠᠩᠭᠠᠬᠤ᠂ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ ᠦᠭᠡᠷᠡᠴᠢᠯᠡᠨ ᠵᠠᠰᠠᠵᠤ᠂ 6 ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ᠂ ᠭᠤᠣᠯ ᠬᠤᠲᠠ ᠲᠣᠭᠤᠷᠢᠭ ᠲᠤ ᠵᠠᠮ ᠡᠵᠡᠯᠡᠨ ᠡᠵᠡᠩᠨᠡᠬᠦ ᠪᠠ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠪᠣᠬᠢᠷ ᠰᠠᠮᠠᠭᠤᠨ ᠠᠨᠠᠢ ᠵᠡᠷᠭᠡ ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠭᠰᠠᠨ ᠪᠠ ᠬᠠᠮᠢᠶᠠᠷᠤᠨ ᠡᠵᠡᠮᠳᠡᠪᠡ᠃ 4 ᠭᠠᠵᠠᠷ ᠲᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 6956 ᠬᠥᠮᠦᠨ ᠳᠤ ᠠᠰᠢᠭ ᠬᠦᠷᠲᠡᠭᠡᠪᠡ︔ 12.8 ᠺᠢᠯᠦᠮᠧᠲᠷ ᠭᠠᠴᠠᠭ᠎ᠠ ᠲᠣᠰᠬᠤᠨ ᠳᠤ ᠨᠡᠪᠲᠡᠷᠡᠬᠦ ᠱᠦᠢᠨᠢ ᠵᠠᠮ ᠢ ᠰᠢᠨ᠎ᠡ ᠪᠠᠷ ᠳᠡᠪᠢᠰᠴᠦ᠂ ᠤᠯᠠᠭᠠᠨᠬᠠᠳᠠ᠂ ᠬᠦᠭᠦᠷᠭᠡ ᠪᠠ ᠵᠢᠪᠲᠤ ᠶᠢᠨ ᠠᠷᠠᠳ ᠤᠨ ᠰᠡᠳᠭᠢᠯ ᠤᠨ 3 ᠬᠥᠭᠦᠷᠭᠡ ᠶᠢ ᠪᠠᠶᠢᠭᠤᠯᠤᠨ ᠲᠡᠷᠭᠡ ᠨᠡᠪᠲᠡᠷᠡᠭᠦᠯᠵᠦ᠂ ᠣᠯᠠᠨ ᠲᠦᠮᠡᠨ ᠶᠠᠪᠤᠵᠤ ᠰᠠᠭᠤᠬᠤ ᠳᠤ ᠨᠠᠩ ᠳᠥᠭᠦᠮ ᠪᠣᠯᠭᠠᠪᠠ︔ 5G ᠶᠢᠨ ᠰᠠᠭᠤᠷᠢ ᠥᠷᠲᠡᠭᠡ ᠶᠢ 201 ᠰᠢᠨ᠎ᠡ ᠪᠠᠷ ᠨᠡᠪᠲᠡᠷᠡᠭᠦᠯᠵᠦ᠂ 245.9 ᠺᠢᠯᠦᠮᠧᠲᠷ ᠥᠨᠳᠥᠷ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ ᠥᠭᠡᠷᠡᠴᠢᠯᠡᠨ᠂ 61 ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ ᠴᠢᠮᠡᠭᠡ ᠬᠤᠯᠪᠣᠭ᠎ᠠ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠡᠬᠡᠪᠡᠷ  ᠳᠡᠭᠡᠭᠰᠢᠯᠡᠪᠡ᠃       ——  ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ ᠃ ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠭᠵᠢᠭᠦᠯᠬᠦ ᠠᠷᠭ᠎ᠠ ᠪᠠᠷᠢᠯ ᠤᠨ ᠰᠢᠨ᠎ᠡ ᠶᠢ ᠡᠭᠦᠳᠴᠦ ᠂ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠳᠠᠭᠤᠰᠴᠤ᠂ ᠲᠠᠷᠢᠶᠠᠯᠠᠩ ᠤᠨ ᠪᠠᠯᠠ ᠣᠷᠣᠭᠤᠯᠤᠯᠲᠠ᠂ ᠡᠨᠧᠷᠭᠢ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢ ᠰᠢᠨ᠎ᠡ ᠪᠠᠷ ᠪᠠᠶᠢᠭᠤᠯᠤᠭᠰᠠᠨ ᠪᠥᠭᠡᠳ ᠪᠣᠳᠠᠲᠠᠶ ᠡᠵᠡᠩᠨᠡᠯᠲᠡ ᠬᠢᠪᠠ︔ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ《 ᠴᠠᠬᠢᠯᠭᠠᠨ ᠢᠶᠠᠷ ᠤᠰᠤ ᠶᠢ ᠪᠤᠳᠤᠬᠤ 》ᠲᠥᠰᠦᠯ ᠢ ᠨᠡᠶᠢᠲᠡᠯᠡᠵᠦ᠂ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ︔ ᠠᠵᠤ ᠠᠬᠤᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠣᠮᠵᠢ᠂ ᠨᠡᠶᠢᠭᠡᠮ ᠤᠨ ᠪᠠᠶᠢᠭᠤᠯᠣᠮᠵᠢ ᠵᠡᠷᠭᠡ 72 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠲᠦᠯᠬᠢᠨ ᠠᠬᠢᠭᠤᠯᠪᠠ᠃《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ 618 ᠵᠦᠶᠯᠡᠰ ᠢ《 ᠨᠢᠭᠡ ᠰᠦᠯᠵᠢᠶ᠎ᠡ ᠪᠠᠷ ᠭᠦᠶᠴᠡᠳᠬᠡᠬᠦ 》ᠶᠡᠷᠦᠩᠬᠡᠶᠢᠯᠡᠭᠰᠡᠨ ᠭᠥᠯᠢᠶᠡᠨ ᠠᠪᠴᠤ  ᠭᠦᠢᠴᠡᠳᠭᠡᠬᠦ ᠴᠣᠩᠬᠤᠪᠴᠢ ᠳᠤ ᠣᠷᠣᠭᠤᠯᠵᠤ᠂《 ᠠᠳᠠᠯ ᠦᠶᠯᠡᠰ ᠪᠣᠰᠬᠠᠬᠤ ᠪᠣᠭᠴᠣ 》᠂《 ᠬᠡᠷ ᠬᠥᠷᠥᠩᠭᠡ ᠶᠢᠨ ᠠᠷᠠᠯᠵᠢᠶ᠎ᠠ ᠶᠢ ᠨᠢᠭᠡ ᠯᠡ ᠤᠳᠠᠭ᠎ᠠ ᠭᠦᠶᠴᠡᠳᠬᠡᠬᠦ 》ᠦᠶᠯᠡᠴᠢᠯᠡᠭᠡ ᠶᠢᠨ ᠰᠢᠨ᠎ᠡ ᠶᠢ ᠡᠭᠦᠳᠴᠦ᠂ ᠬᠡᠷ ᠪᠠᠶᠢᠰᠢᠩ ᠤᠨ ᠦᠨᠡᠮᠯᠡᠯ ᠳᠠᠩᠰᠠᠯᠠᠬᠤ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠢ ᠬᠠᠭᠠᠰ ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠵᠤ᠂ 770 ᠵᠦᠶᠯ ᠤᠨ ᠥᠨᠳᠥᠷ ᠳᠠᠪᠲᠠᠮᠵᠢᠲᠤ ᠠᠷᠠᠳ ᠤᠨ ᠠᠮᠢᠳᠤᠷᠠᠯ ᠤᠨ ᠦᠶᠯᠡᠴᠢᠯᠡᠭᠡᠨ ᠤ ᠵᠦᠶᠯᠡᠰ ᠢ《 ᠬᠤᠷᠤᠭᠤᠨ ᠦᠵᠦᠭᠦᠷ ᠭᠦᠶᠴᠡᠳᠬᠡᠬᠦ 》 ᠶᠢ ᠪᠡᠶᠡᠯᠡᠭᠦᠯᠪᠡ᠃《 ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠮᠥᠷᠭᠡ ᠳᠤ ᠣᠷᠣᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 5 ᠪᠣᠯᠵᠤ᠂ ᠭᠦᠸᠧ ᠺᠧ ᠰᠢᠨ ᠳ᠋ᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠪᠡ ᠃       —— ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ ᠳᠡᠭᠡᠭᠰᠢᠯᠡᠪᠡ ᠃ ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ  ᠢ ᠪᠦᠬᠦ ᠠᠷᠠᠳ ᠲᠤ ᠡᠳ᠋ᠯᠡᠭᠦᠯᠪᠡ ᠃ ᠬᠤᠲᠠ ᠪᠠᠯᠭᠠᠰᠤᠨ ᠤ 1104 ᠬᠥᠮᠦᠨ ᠳᠤ ᠰᠢᠨ᠎ᠡ ᠪᠠᠷ ᠠᠵᠢᠯ ᠣᠯᠭᠤᠵᠤ᠂ 5.1 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 2870 ᠲᠦᠮᠡᠨ ᠲᠥᠭᠦᠷᠢᠭ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 380 ᠬᠥᠮᠦᠨ ᠢ ᠲᠡᠳᠬᠦᠨ ᠦᠢᠯᠡᠰ ᠪᠣᠰᠬᠠᠪᠠ᠃ ᠮᠠᠯᠴᠢᠨ ᠲᠠᠷᠢᠶᠠᠴᠢᠨ ᠡᠷᠦᠬᠡ ᠳᠤ《 ᠳᠣᠯᠠᠭᠠᠯᠠᠯᠭ᠎ᠠ ᠶᠢᠨ ᠨᠡᠭᠦᠷᠡᠰᠦ 》12 ᠲᠦᠮᠡᠨ ᠲᠣᠨ ᠲᠠᠷᠬᠠᠭᠠᠵᠤ᠂ 6 ᠲᠦᠮᠡ ᠭᠠᠷᠤᠶ ᠡᠷᠦᠬᠡ ᠳᠤ ᠠᠰᠢᠭ ᠬᠦᠷᠲᠡᠭᠡᠪᠡ᠃ 3.16 ᠳ᠋ᠦᠩᠰᠢᠭᠤᠷ ᠲᠥᠭᠦᠷᠢᠭ ᠡᠮ ᠡᠮᠨᠡᠯᠭᠡ ᠶᠢᠨ ᠵᠠᠷᠣᠳᠠᠯ ᠢ ᠲᠠᠩᠰᠠ ᠲᠠᠶᠢᠯᠵᠤ᠂ 1.5 ᠳ᠋ᠦᠩᠰᠢᠭᠤᠷ ᠲᠥᠭᠦᠷᠢᠭ ᠡᠯ᠎ᠡ ᠲᠥᠷᠥᠯ ᠤᠨ ᠨᠥᠬᠦᠪᠥᠷᠢ ᠪᠠᠯᠠ ᠮᠥᠩᠭᠦ ᠲᠠᠷᠬᠠᠭᠠᠵᠤ᠂ 3.8 ᠲᠦᠮᠡᠨ ᠣᠯᠠᠨ ᠲᠦᠮᠡᠨ ᠳᠤ ᠠᠰᠢᠭ ᠬᠦᠷᠲᠡᠭᠡᠪᠡ ᠃ ᠰᠢᠨᠡᠪᠡᠷ 4 ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ( ᠥᠷᠲᠡᠭᠡ ) ᠪᠠᠶᠢᠭᠤᠯᠵᠤ᠂ ᠵᠣᠯ ᠵᠢᠷᠭᠠᠯᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠨᠢᠭᠡᠳᠦᠭᠡᠷ ᠬᠡᠦᠬᠡᠳ ᠤᠨ ᠴᠡᠴᠡᠷᠯᠢᠭ ᠵᠡᠷᠭᠡ 4 ᠰᠤᠷᠭᠠᠨ ᠬᠥᠮᠦᠵᠢᠯ ᠤᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ 13 ᠰᠠᠯᠬᠢ ᠪᠤᠷᠣᠭᠠᠨᠲᠤ ᠬᠥᠯ ᠪᠥᠮᠪᠦᠭᠡ ᠶᠢᠨ ᠣᠷᠳᠣᠨ ᠤ ᠪᠠᠷᠢᠯᠭ᠎ᠠ ᠶᠢ ᠳᠠᠭᠤᠰᠬᠠᠵᠤ ᠰᠢᠯᠭᠠᠨ ᠬᠤᠷᠢᠶᠠᠪᠠ︔《 ᠨᠠᠷᠠᠲᠤ ᠵᠠᠬᠢᠷᠤᠯ ᠨᠠᠷᠠᠲᠤ ᠪᠠᠭᠰᠢ 》ᠬᠥᠮᠦᠵᠢᠭᠦᠯᠬᠦ ᠢᠨᠵᠧᠨᠧᠷᠢᠩ ᠢ ᠡᠬᠢᠯᠡᠭᠦᠯᠵᠦ᠂ ᠰᠢᠨ᠎ᠡ ᠪᠠᠷ 98 ᠪᠠᠭᠰᠢ ᠡᠯᠰᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠨᠡᠶᠢᠳᠡᠮ ᠬᠡᠷᠡᠭᠵᠢᠭᠦᠯᠪᠡ᠂ ᠤᠯᠤᠰ ᠤᠨ ᠨᠢᠭᠡᠳᠦᠯᠲᠡᠶ ᠰᠢᠯᠭᠠᠯᠲᠠ ᠳᠤ ᠣᠮᠣᠭᠰᠢᠮ᠎ᠠ ᠬᠢᠷᠢ ᠪᠦᠲᠦᠮᠵᠢ ᠣᠯᠵᠤ᠂ 121 ᠰᠣᠷᠣᠭᠴᠢ《 ᠬᠤᠤᠰ ᠲᠡᠷᠢᠭᠦᠨ ᠲᠠᠰ 》 ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠨ ᠣᠷᠣᠪᠠ᠃ ᠤᠯᠤᠰ ᠤᠨ ᠲᠡᠰ ᠤᠨ ᠠᠷᠢᠭᠤᠨ ᠴᠡᠪᠡᠷ ᠰᠢᠶᠠᠨ ᠤ ᠬᠤᠲᠠ  ᠶᠢ ᠴᠢᠷᠮᠠᠶᠢᠨ ᠪᠠᠶᠢᠭᠤᠯᠬᠤ ᠶᠢ ᠭᠦᠨᠵᠡᠭᠡᠢ ᠦᠷᠨᠢᠭᠦᠯᠵᠦ᠂ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠯᠵᠢᠭᠦᠯᠬᠦ ᠠᠵᠢᠯ ᠳᠠᠭᠤᠰᠴᠤ᠂ ᠣᠣᠯ ᠤᠨ ᠡᠮᠨᠡᠯᠭᠡ ᠶᠢᠨ ᠭᠠᠵᠠᠷ ᠢ ᠳᠡᠭᠡᠭᠰᠢᠯᠡᠭᠦᠯᠦᠨ ᠦᠭᠡᠷᠡᠴᠢᠯᠡᠪᠡ᠃《 ᠳᠠᠬᠢᠨ ᠳᠠᠪᠲᠠᠨ ᠰᠤᠷᠪᠤᠯᠵᠢᠯᠠᠬᠤ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ 》ᠲᠤᠰᠬᠠᠢ ᠠᠵᠢᠯᠯᠠᠭ᠎ᠠ ᠥᠷᠨᠢᠭᠦᠯᠦᠨ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠣᠬᠤ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃《ᠮᠢᠩᠭᠠᠨ ᠠᠷᠠᠳ ᠤᠨ ᠴᠠᠭᠳᠠᠭ᠎ᠠ ᠲᠣᠰᠬᠤᠨ ᠲᠠᠢ ᠬᠤᠯᠪᠣᠭᠠᠯᠠᠨ ᠵᠢᠭᠤᠷᠠᠯᠳᠤᠭᠠᠨ ᠢ ᠰᠢᠶᠳᠪᠦᠷᠢᠯᠡᠬᠦ 》ᠰᠢᠨ᠎ᠡ ᠠᠷᠭ᠎ᠠ ᠶᠢ ᠡᠭᠦᠳᠴᠦ᠂ 20 ᠭᠠᠷᠤᠶ ᠵᠢᠯ ᠳᠠᠷᠤᠭᠳᠠᠭᠰᠠᠨ ᠬᠤᠶᠠᠷ ᠠᠮᠢᠨ ᠬᠡᠷᠡᠭ ᠢ ᠳᠡᠩᠨᠡᠨ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠠᠷ ᠤᠨ ᠴᠠᠬᠢᠯᠭᠠᠨ ᠢ ᠲᠤᠰᠪᠠ᠃ ᠢᠦᠢ ᠯᠦᠩ ᠨᠡᠶᠢᠭᠡᠮ ᠲᠣᠭᠤᠷᠢᠭ《 ᠪᠥᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ( ᠨᠡᠶᠢᠭᠡᠮ ᠲᠣᠭᠤᠷᠢᠭ ) 》 ᠢᠶᠠᠷ ᠨᠡᠷᠡᠶᠢᠳᠦᠭᠳᠡᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ 19 ᠴᠡᠷᠢᠭ ᠠᠴᠠ ᠪᠠᠭᠤᠭᠰᠠᠳ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠪᠡ᠃ ᠪᠠᠷᠠᠭᠤᠨ ᠪᠠᠶᠠᠨᠲᠠᠯ᠎ᠠ ᠲᠣᠰᠬᠤᠨ《 ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ 》 ᠪᠠᠷ ᠦᠨᠡᠯᠡᠭᠳᠡᠵᠦ᠂ 11 ᠨᠢᠭᠡᠴᠡ《 ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠢᠭᠡᠴᠡ 》 ᠪᠠᠷ ᠦᠨᠡᠯᠡᠭᠳᠡᠪᠡ᠃ ᠢᠳᠡᠭᠡᠨ ᠡᠮ ᠤᠨ ᠵᠦᠢᠯᠡᠰ ᠤᠨ《 ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠣᠨ 》 ᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠠᠷᠠᠳ ᠣᠯᠠᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃《 ᠭᠡᠭᠡᠨ ᠰᠠᠷᠠᠭᠤᠯ ᠢᠨᠵᠧᠨᠧᠷᠢᠩ 》 ᠢ ᠪᠦᠬᠦ ᠬᠤᠲᠠ ᠳᠤ  ᠬᠠᠮᠤᠭ ᠲᠡᠷᠢᠭᠦᠨ ᠳᠤ ᠠᠰᠢᠭᠯᠠᠯᠲᠠ ᠳᠤ ᠣᠷᠣᠭᠤᠯᠵᠤ᠂ ᠭᠠᠯ ᠤᠨᠲᠠᠷᠠᠭᠠᠬᠤ 《 ᠨᠢᠭᠡ ᠠᠩᠭᠢ ᠨᠢᠭᠡ ᠲᠥᠪ 》ᠪᠦᠬᠦ ᠣᠷᠣᠨ ᠪᠦᠰᠡ  ᠳᠤ ᠫᠠᠶᠢᠰᠠ ᠡᠯᠭᠦᠪᠡ᠃ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠤᠭᠰᠠᠨ ᠦᠭᠡᠢ ᠃ ᠬᠢᠨᠠᠨ ᠪᠣᠳᠣᠬᠤ᠂ ᠲᠤᠭ᠎ᠠ ᠪᠦᠷᠢᠳᠭᠡᠯ᠂ ᠭᠠᠳᠠᠭᠠᠳᠤ ᠶᠠᠪᠤᠳᠠᠯ᠂ ᠱᠠᠰᠢᠨ ᠰᠤᠷᠲᠠᠬᠤᠨ᠂ ᠲᠡᠦᠬᠡ ᠣᠶᠢᠯᠠᠯᠭ᠎ᠠ᠂ ᠳᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠬᠠᠩᠭᠠᠨ ᠪᠣᠷᠣᠯᠠᠭᠤᠯᠭ᠎ᠠ᠂ ᠴᠠᠭ ᠠᠭᠤᠷ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠠᠵᠢᠯᠴᠢᠨ ᠤ ᠡᠪᠯᠡᠯ᠂ ᠨᠠᠰᠤᠲᠠᠶᠢᠴᠤᠳ᠂ ᠪᠣᠶᠠᠨ ᠤ ᠦᠢᠯᠡᠰ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ ᠵᠡᠷᠭᠡ ᠠᠵᠢᠯ ᠴᠥᠮ ᠰᠢᠨ᠎ᠡ ᠠᠮᠵᠢᠯᠲᠠ ᠣᠯᠪᠠ ᠃      ᠨᠢᠭᠡ ᠵᠢᠯ ᠤᠨ ᠲᠤᠷᠰᠢ᠂ ᠪᠢᠳᠡ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠪᠥᠬᠦ ᠶᠠᠪᠤᠴᠠ ᠳᠤ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠵᠤ᠂《 ᠬᠤᠶᠠᠷ ᠢ ᠲᠣᠭᠲᠠᠭᠠᠬᠤ 》 ᠶᠢ ᠡᠷᠡᠰ ᠬᠦᠷᠢᠶᠡᠯᠡᠵᠦ᠂《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠪᠡ᠃ ᠡᠷᠬᠡ ᠲᠡᠭᠰᠢ ᠦᠷᠢᠰᠦᠯᠳᠦᠬᠦ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠥᠷᠢᠮ ᠢ ᠴᠢᠩᠭ᠎ᠠ ᠬᠡᠷᠡᠭᠵᠢᠭᠦᠯᠵᠦ᠂《 ᠨᠠᠢᠮᠠᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 107 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ 82 ᠬᠤᠪᠢ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ ᠬᠠᠷᠢᠭᠤᠯᠲᠠ ᠥᠭᠪᠡ︔《 12345 》 ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ 24 ᠴᠠᠭ ᠢᠶᠠᠷ ᠨᠡᠪᠲᠡᠷᠡᠵᠦ᠂ ᠬᠠᠷᠢᠭᠤᠯᠲᠠ ᠦᠭᠭᠦᠭᠰᠡᠨ ᠨᠣᠷᠮ᠎ᠠ 100 % ᠬᠦᠷᠴᠦ᠂ ᠣᠯᠠᠨ ᠲᠦᠮᠡᠨ  ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠ᠃ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠶᠢ ᠭᠦᠨᠵᠡᠭᠡᠶ ᠥᠷᠨᠢᠭᠦᠯᠵᠦ᠂ ᠨᠠᠮ ᠤᠨ ᠰᠤᠷᠲᠠᠯ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠪ ᠤᠨ ᠨᠠᠶᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂《 ᠳᠥᠷᠪᠡᠨ ᠰᠤᠷᠲᠠᠯ 》 ᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ᠃      ᠲᠥᠯᠥᠭᠡᠯᠡᠭᠴᠢᠳ ᠡ︕ ᠡᠨᠡ ᠨᠢᠭᠡ ᠵᠢᠯ ᠢ ᠡᠷᠭᠢᠴᠡᠭᠦᠯᠬᠦᠶ᠎ᠡ᠂ ᠬᠠᠮᠤᠭ ᠤᠨ ᠮᠠᠷᠲᠠᠭᠳᠠᠰᠢ ᠦᠬᠡᠢ ᠨᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠥᠷᠭᠡᠨ ᠤᠯᠠᠨ ᠴᠠᠭᠠᠨ ᠬᠤᠶᠠᠭ ᠡᠮᠦᠰᠦᠭᠰᠡᠨ ᠡᠮᠴᠢᠯᠡᠭᠡᠨ ᠤ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ  ᠤᠨ ᠠᠵᠢᠯᠳᠠᠨ ᠪᠣᠯᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠨᠢᠩᠵᠢᠨ ᠰᠡᠳᠬᠢᠯᠲᠦ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠬᠢᠵᠢᠭ ᠢ ᠡᠰᠡᠷᠭᠦᠴᠡᠬᠦ ᠳᠤ ᠲᠣᠰᠠᠯᠠᠪᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ᠂ ᠬᠦᠴᠦ ᠪᠠᠨ ᠬᠠᠮᠲᠤᠳᠬᠠᠨ ᠴᠠᠭ ᠦᠶ᠎ᠡ ᠶᠢᠨ ᠬᠦᠴᠢᠷ ᠪᠡᠷᠬᠡ ᠶᠢ ᠬᠠᠮᠲᠤ ᠪᠠᠷ ᠲᠤᠭᠤᠯᠵᠤ᠂ ᠲᠦᠮᠡᠨ ᠤ ᠵᠣᠷᠢᠭ ᠨᠢᠭᠡᠳᠦᠨ ᠪᠤᠯᠤᠳ ᠬᠡᠷᠡᠮ ᠪᠠᠶᠢᠭᠤᠯᠵᠤ ᠴᠠᠭ ᠦᠶ᠎ᠡ ᠶᠢᠨ ᠮᠠᠭᠲᠠᠭᠠᠯ ᠳᠠᠭᠤᠤ ᠶᠢ ᠪᠢᠴᠢᠭᠯᠡᠭᠰᠡᠨ ᠪᠠᠶᠢᠨ᠎ᠠ︕ ᠬᠠᠮᠤᠭ ᠠᠴᠠ ᠪᠠᠶᠠᠷᠯᠠᠭᠤᠰᠢᠲᠠᠶ ᠨᠢ᠄ ᠠᠵᠤ ᠠᠬᠤᠶ ᠣᠷᠣᠭᠤᠳᠠᠭᠰᠠᠨ ᠳᠠᠷᠤᠯᠲᠠ ᠶᠢᠨ ᠡᠮᠦᠨ᠎ᠡ᠂ ᠬᠤᠰᠢᠭᠤ ᠳᠠᠶᠠᠭᠠᠷ ᠪᠠᠷ ᠢᠶᠠᠨ ᠬᠥᠪᠴᠢ ᠪᠠᠨ ᠴᠢᠩᠭᠠᠯᠠᠨ ᠨᠤᠮᠤ ᠪᠠᠨ ᠲᠡᠯᠡᠵᠦ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ᠂ ᠰᠢᠨᠲᠠᠷᠠᠰᠢ ᠥᠬᠡᠶ ᠬᠠᠲᠠᠨ ᠵᠣᠷᠢᠭ ᠢᠶᠠᠷ ᠠᠷᠠᠯᠵᠢᠶᠠᠴᠢᠨ ᠤᠷᠢᠬᠤ᠂ ᠲᠥᠷᠥᠯ ᠵᠦᠶᠯ ᠲᠠᠲᠠᠵᠤ᠂ ᠨᠡᠬᠡᠬᠡᠨ ᠭᠦᠢᠴᠡᠵᠦ ᠳᠠᠪᠠᠨ ᠭᠠᠷᠬᠤ᠂ ᠬᠦᠴᠢᠷ ᠢ ᠰᠥᠷᠥᠨ ᠤᠷᠤᠭᠰᠢᠯᠠᠬᠤ ᠲᠡᠮᠡᠴᠡᠯ ᠤᠨ ᠳᠠᠭᠤᠤ ᠶᠢ ᠪᠥᠬᠦ ᠲᠠᠯ᠎ᠠ ᠪᠠᠷ ᠬᠠᠩᠭᠢᠨᠠᠭᠤᠯᠪᠠ︕ ᠪᠢᠳᠡ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢᠨ ᠳᠤᠮᠳᠠ ᠬᠥᠭᠵᠢᠯᠲᠡ  ᠲᠠᠢ ᠪᠣᠯᠵᠤ᠂ ᠢᠲᠡᠭᠡᠯ ᠵᠣᠷᠢᠭ ᠢᠶᠠᠨ ᠪᠠᠲᠣᠳᠬᠠᠵᠤ᠂ ᠡᠷᠴᠢ ᠵᠣᠷᠢᠭ ᠢᠶᠠᠨ ᠬᠥᠪᠴᠢᠯᠡᠪᠡ ᠃ ᠦᠷ᠎ᠡ ᠪᠦᠲᠦᠮᠵᠢ ᠨᠠᠨᠳᠢᠨ ᠶᠣᠮ ᠬᠢᠯᠪᠠᠷᠬᠠᠨ ᠢᠶᠠᠷ ᠢᠷᠡᠭᠰᠡᠨ ᠪᠢᠰᠢ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠶ ᠬᠢᠨᠠᠯᠲᠠ ᠲᠠᠯᠪᠢᠭᠰᠠᠨ ᠪᠠ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠬᠤᠰᠢᠭᠤ ᠳᠠᠶᠠᠭᠠᠷ ᠢᠶᠠᠷ ᠢᠶᠠᠨ ᠬᠦᠴᠢᠷ ᠢ ᠲᠡᠰᠪᠦᠷᠢᠯᠡᠨ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠣᠷᠳᠣ ᠬᠤᠭᠤᠴᠠᠭ᠎ᠠ ᠡᠷᠡᠯᠬᠡᠭᠯᠡᠨ ᠲᠡᠮᠡᠴᠡᠵᠦ ᠂ ᠰᠥᠷᠴᠦ ᠶᠠᠪᠤᠭᠰᠠᠨ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠥᠷᠭᠡᠨ ᠣᠯᠠᠨ ᠰᠠᠶᠢᠨ ᠳᠤᠷᠠᠴᠤᠳ᠂ ᠵᠠᠷᠤᠳ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠶ ᠪᠥᠬᠦᠶ ᠨᠠᠶᠢᠵᠠ ᠨᠠᠷ  ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠬᠦᠮᠦᠰ ᠢ ᠤᠷᠮᠠᠰᠢᠭᠤᠯᠤᠨ᠎ᠠ᠂ ᠠᠰᠠᠭᠤᠳᠠᠯ ᠢ ᠴᠤ ᠡᠷᠬᠡᠪᠰᠢ ᠵᠥᠪ ᠬᠠᠨᠳᠤᠬᠤ ᠬᠡᠷᠡᠭᠲᠡᠶ᠃ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠠ ᠰᠢᠯᠭᠠᠯᠲᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠮᠡᠳᠡᠬᠦ ᠬᠡᠷᠡᠭᠲᠡᠢ᠄ ᠨᠢᠭᠡ ᠳᠤ ᠠᠵᠤ ᠠᠬᠤᠢ ᠣᠷᠣᠭᠤᠳᠠᠬᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠭᠠᠶᠢᠯᠢ ᠬᠥᠩᠭᠡᠯᠡᠬᠦ᠂ ᠲᠡᠦᠬᠡ ᠶᠢᠨ ᠥᠷᠢ ᠥᠭᠴᠡᠭᠡ ᠣᠯᠠᠨ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠤᠯᠵᠤ᠂ ᠠᠵᠤ ᠠᠬᠤᠢ ᠶᠢᠨ ᠬᠥᠭᠵᠢᠯᠲᠡ ᠳᠠᠷᠣᠯᠲᠠ ᠶᠢ ᠳᠠᠭᠠᠭᠠᠨ ᠣᠷᠣᠭᠰᠢᠯᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠲᠤᠪᠤᠶᠢᠮ᠎ᠠ  ᠪᠠᠶᠢᠵᠤ᠂ ᠠᠵᠤ ᠠᠬᠤᠢ ᠶᠢᠨ ᠵᠠᠷᠢᠮ ᠭᠦᠢᠴᠡᠳᠭᠡᠯ ᠲᠤᠭ᠎ᠠ ᠶᠢᠨ ᠨᠡᠮᠡᠭᠳᠡᠯ ᠵᠢᠱᠢᠯᠲᠠ ᠳᠤ ᠬᠦᠷᠦᠭᠰᠡᠨ ᠦᠭᠡᠢ᠃ ᠬᠤᠶᠠᠷ ᠲᠤ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢᠨ ᠬᠤᠪᠢᠷᠠᠭᠤᠯᠣᠯᠲᠠ ᠨᠡᠯᠢᠶᠡᠳ ᠤᠳᠠᠭᠠᠨ ᠪᠠᠶᠢᠵᠤ᠂ ᠠᠵᠤ ᠦᠢᠯᠡᠰ ᠤᠨ ᠳᠡᠰ ᠳᠠᠪᠬᠤᠷᠭ᠎ᠠ ᠮᠥᠨ ᠯᠡ ᠳᠣᠣᠷ᠎ᠠ ᠪᠠᠶᠢᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠯᠡᠳᠲᠡ ᠬᠦᠷᠦᠯᠴᠡᠬᠦ ᠦᠭᠡᠢ ᠪᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠡᠭᠡ ᠪᠣᠯᠪᠠᠴᠤ ᠬᠦᠴᠦᠷᠬᠡᠭ ᠪᠢᠰᠢ᠂ ᠣᠯᠠᠨ ᠪᠣᠯᠪᠠᠴᠤ ᠰᠢᠯᠢᠳᠡᠭ ᠪᠢᠰᠢ᠂ ᠠᠵᠤ ᠦᠶᠯᠡᠰ ᠤᠨ ᠬᠡᠯᠬᠢᠶ᠎ᠡ ᠣᠬᠤᠷ᠂ ᠨᠡᠮᠡᠯᠲᠡ ᠥᠷᠲᠡᠭ ᠳᠣᠤᠷ᠎ᠠ᠂ ᠥᠷᠢᠰᠦᠯᠳᠦᠬᠦ ᠬᠦᠴᠦᠨ ᠪᠠᠭᠤᠷᠠᠶ︔ ᠠᠵᠤ ᠦᠢᠯᠡᠳᠪᠦᠷᠢ ᠶᠢᠨ ᠬᠥᠭᠵᠢᠯᠲᠡ ᠮᠥᠨ ᠯᠡ ᠠᠩᠬᠠᠨ ᠤ ᠱᠠᠲᠤᠨ ᠳᠤ ᠣᠷᠣᠰᠢᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ GDP ᠳᠠᠬᠢ ᠡᠵᠡᠯᠡᠬᠦ ᠬᠤᠪᠢ ᠶᠢᠨ ᠵᠢᠩ ᠵᠥᠪᠬᠡᠨ 33.7% ᠪᠠᠶᠢᠵᠤ᠂ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠬᠦᠴᠦᠨ ᠬᠦᠷᠦᠯᠴᠡᠬᠦ ᠦᠭᠡᠢ︔ ᠦᠢᠯᠡᠴᠢᠯᠡᠭᠡᠨ ᠤ ᠦᠢᠯᠡᠰ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠥᠨᠳᠥᠷ ᠪᠤᠰᠤ᠂ ᠪᠦᠳᠦᠭᠦᠯᠢᠭ ᠡᠵᠡᠩᠨᠡᠯᠲᠡ ᠨᠡᠯᠢᠶᠡᠳ ᠲᠣᠪᠣᠶᠢᠮ᠎ᠠ᠂ ᠬᠥᠭᠵᠢᠯᠲᠡ ᠨᠢ ᠬᠠᠷᠢᠴᠠᠩᠭᠤᠶ ᠬᠤᠴᠣᠷᠴᠤ ᠪᠠᠶᠢᠨ᠎ᠠ᠃ ᠭᠤᠷᠪᠠ ᠳᠤ ᠬᠤᠳᠠ  ᠶᠢ ᠡᠵᠡᠩᠨᠡᠬᠦ ᠣᠶᠢᠯᠠᠭᠠᠭᠳᠠᠬᠤᠨ ᠬᠤᠴᠣᠷᠤᠩᠭᠤᠢ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠥᠨᠳᠥᠷ ᠪᠢᠰᠢ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠥᠷᠢ ᠰᠢᠷᠢ ᠪᠠ ᠪᠦᠷᠬᠡ ᠣᠷᠣᠨ ᠤ ᠦᠭᠡᠷᠡᠴᠢᠯᠡᠯᠲᠡ ᠶᠢᠨ ᠠᠰᠠᠭᠤᠳᠠᠯ ᠨᠡᠯᠢᠶᠡᠳ ᠤᠯᠠᠨ᠂ ᠠᠵᠤ ᠦᠢᠯᠡᠰ ᠪᠣᠯᠤᠨ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠶᠢᠨ ᠣᠶᠢᠯᠠᠭᠠᠭᠳᠠᠬᠤᠨ ᠬᠠᠷᠠᠬᠠᠨ ᠪᠦᠷᠢᠯᠳᠦᠭᠡᠳᠦᠢ ᠪᠠᠶᠢᠭᠰᠠᠭᠠᠷ᠃ ᠳᠥᠷᠪᠡ ᠳᠤ ᠬᠤᠳᠠᠯᠳᠤᠭᠠᠴᠢᠨ ᠤᠷᠢᠵᠤ ᠪᠠᠯᠠ  ᠲᠠᠲᠠᠬᠤ ᠲᠠᠪᠴᠠᠩ ᠤᠨ ᠬᠤᠯᠪᠣᠬᠤ ᠦᠶᠯᠡᠳᠦᠯ ᠢ ᠭᠦᠶᠴᠡᠳ ᠪᠠᠳᠠᠷᠠᠭᠤᠯᠵᠤ ᠳᠡᠶᠢᠯᠦᠭᠰᠡᠨ ᠥᠬᠡᠶ᠂ ᠲᠤᠰᠬᠠᠶ ᠬᠤᠳᠠᠯᠳᠤᠭᠠᠴᠢᠨ ᠤᠷᠢᠬᠤ ᠡᠩᠨᠡᠭᠡ ᠶᠢᠨ ᠶᠡᠷᠦᠩᠬᠡᠶ ᠬᠡᠪ ᠴᠢᠨᠠᠷ ᠥᠨᠳᠥᠷ ᠪᠢᠰᠢ᠂ ᠬᠤᠳᠠᠯᠳᠤᠭᠠᠴᠢᠨ ᠤᠷᠢᠬᠤ ᠠᠷᠭ᠎ᠠ ᠵᠠᠮ ᠲᠠᠩ ᠴᠤᠯᠭᠤᠶ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠵᠠᠭᠤᠴᠢ ᠪᠠᠷ ᠬᠤᠳᠠᠯᠳᠤᠭᠠᠴᠢᠨ ᠤᠷᠢᠬᠤ ᠵᠡᠷᠭᠡ ᠰᠢᠨ᠎ᠡ ᠬᠡᠯᠪᠡᠷᠢ ᠶᠢᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠴᠥᠭᠡᠨ᠂ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠠᠮᠤᠷᠵᠢᠭᠤᠯᠤᠨ ᠬᠤᠳᠠᠯᠳᠤᠭᠠᠴᠢᠨ ᠢ ᠴᠢᠬᠤᠯᠠᠴᠢᠯᠠᠬᠤ ᠠᠭᠤᠷ ᠠᠮᠢᠰᠬᠤᠯ ᠪᠠᠰᠠ ᠲᠡᠶᠢᠮᠦ ᠰᠠᠶᠢᠨ ᠪᠢᠰᠢ᠃ ᠲᠠᠪᠤ ᠳᠤ ᠠᠮᠢ ᠠᠬᠤᠢ ᠶᠢᠨ ᠣᠷᠴᠢᠨ ᠨᠥᠬᠦᠴᠡᠯ ᠢ ᠪᠠᠰᠠ ᠦᠷᠭᠦᠯᠵᠢᠯᠡᠨ ᠰᠠᠶᠢᠵᠢᠷᠠᠭᠤᠯᠬᠤ ᠴᠢᠬᠤᠯᠠᠲᠠᠢ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠠᠷᠠᠳ ᠤᠯᠠᠨ ᠤ ᠬᠦᠰᠡᠯ ᠡᠷᠡᠮᠡᠯᠵᠡᠯ ᠲᠠᠢ ᠮᠥᠨ ᠯᠡ ᠨᠡᠯᠢᠶᠡᠳ ᠵᠥᠷᠢᠶ᠎ᠡ ᠲᠠᠢ᠃ ᠵᠢᠷᠭᠤᠭ᠎ᠠ ᠳᠤ ᠵᠠᠰᠠᠭ ᠤᠨ ᠣᠷᠳᠣᠨ ᠤ ᠰᠢᠰᠲ᠋ᠧᠮ  ᠤᠨ ᠵᠠᠷᠢᠮ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠬᠦᠷᠦᠯᠴᠡᠬᠦ ᠦᠭᠡᠢ᠂ ᠠᠵᠢᠯ ᠤᠨ ᠡᠷᠴᠢ ᠵᠣᠷᠢᠭ ᠬᠦᠷᠦᠯᠴᠡᠬᠦ ᠦᠭᠡᠢ᠂ ᠬᠢᠬᠦ ᠳᠤᠷ᠎ᠠ ᠦᠭᠡᠢ᠂ ᠬᠢᠬᠦ ᠰᠠᠨᠠᠭ᠎ᠠ ᠦᠭᠡᠢ᠂ ᠬᠢᠵᠦ ᠴᠢᠳᠠᠬᠤ ᠦᠭᠡᠢ ᠪᠠ《 ᠲᠠᠩᠭᠠᠶᠢᠵᠤ ᠬᠡᠪᠲᠡᠬᠦ 》ᠦᠵᠡᠭᠳᠡᠯ ᠮᠥᠨ ᠯᠡ ᠣᠷᠣᠰᠢᠵᠤ ᠪᠠᠶᠢᠨ᠎ᠠ᠃ ᠡᠭᠦᠨ ᠳᠤ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠢᠨᠠᠮᠠᠭᠠᠶ ᠰᠢᠶᠳᠪᠦᠷᠢᠯᠡᠬᠦ ᠬᠡᠷᠡᠭᠲᠡᠶ ᠃       ᠬᠤᠶᠠᠷ᠂ 2023 ᠣᠨ ᠤ ᠬᠠᠷᠠᠯᠲᠠ ᠡᠭᠦᠷᠭᠡ ᠪᠠ ᠭᠤᠤᠯ ᠠᠵᠢᠯ        ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠠᠩᠬᠠᠨ ᠤ ᠵᠢᠯ ᠮᠥᠨ᠂ ᠪᠠᠰᠠ ᠴᠤ ᠰᠢᠨ᠎ᠡ ᠴᠠᠭ ᠦᠶ᠎ᠡ ᠳᠤ ᠨᠡᠭᠡᠨ ᠭᠦᠢᠴᠡᠬᠦ ᠪᠠ ᠳᠠᠪᠠᠵᠤ ᠭᠠᠷᠬᠤ ᠵᠠᠩᠭᠢᠯᠠᠭ᠎ᠠ ᠶᠢᠨ ᠵᠢᠯ ᠮᠥᠨ ᠃ ᠡᠨᠡ ᠵᠢᠯ ᠤᠨ ᠠᠵᠢᠯ ᠢᠶᠠᠨ ᠰᠠᠶᠢᠨ ᠬᠢᠬᠦ ᠳᠤ᠂ ᠪᠢᠳᠡ ᠬᠤᠰᠢᠭᠤ ᠨᠠᠮ  ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ  ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠬᠤᠰᠢᠭᠤᠨ  ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠢ ᠪᠠᠷᠢᠮᠳᠠᠯᠠᠨ᠂ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠲᠦᠯᠤᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠤᠪᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡ ᠶᠢ ᠪᠠᠲᠤ ᠰᠠᠬᠢᠵᠦ᠂  ᠬᠤᠳᠠᠯᠳᠤᠭᠠᠴᠢᠨ ᠤᠷᠢᠵᠤ ᠪᠡᠯᠡ ᠲᠠᠳᠠᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠦ᠂ ᠦᠷᠭᠦᠯᠵᠢᠯᠡᠨ ᠪᠣᠭᠤᠮᠲᠠ ᠰᠢᠪᠲᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂《 ᠠᠷᠪᠠᠨ ᠠᠵᠤ ᠦᠢᠯᠡᠰ 》 ᠢ ᠬᠥᠭᠵᠢᠭᠦᠯᠦᠨ ᠪᠤᠵᠠᠭᠠᠶᠢᠷᠠᠭᠤᠯᠵᠦ᠂ ᠠᠷᠭ᠎ᠠ ᠵᠠᠮ ᠰᠦᠪᠡᠭᠴᠢᠯᠡᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ  ᠶᠢ ᠴᠢᠩᠭᠠᠳᠬᠠᠵᠦ᠂ ᠠᠵᠤ ᠠᠬᠤᠶ ᠶᠢᠨ ᠠᠵᠢᠯᠯᠠᠭᠠᠨ ᠤ ᠪᠥᠬᠦ ᠲᠠᠯ᠎ᠠ ᠪᠠᠷ ᠵᠦᠶ ᠵᠣᠬᠢᠰᠲᠠᠶ ᠣᠷᠣᠨ ᠵᠠᠶ ᠳᠤ ᠪᠤᠴᠠᠬᠤ ᠶᠢ  ᠠᠬᠢᠭᠤᠯᠵᠦ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠵᠠᠷᠤᠳ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ   ᠳᠤ ᠰᠠᠶᠢᠨ ᠡᠬᠢᠯᠡᠯᠲᠡ ᠲᠠᠢ ᠪᠤᠯᠭᠠᠨ᠎ᠠ᠃       ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 40% ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 9% ᠨᠡᠮᠡᠭᠳᠡᠭᠦᠯᠦᠨ᠎ᠡ︔ ᠨᠡᠶᠢᠭᠡᠮ  ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 7% ᠨᠡᠮᠡᠭᠳᠡᠭᠦᠯᠦᠨ᠎ᠡ︔ ᠡᠩ  ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠪᠦᠷᠢ 6% ᠪᠠ 8% ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ ᠃ ᠡᠲᠡᠭᠡᠷ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠡᠷᠬᠡᠪᠰᠢ ᠴᠢᠨᠠᠷ ᠰᠠᠶᠢᠲᠠᠶ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠤᠯᠭᠠᠨ ᠴᠢᠩᠭ᠎ᠠ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠦ᠂ ᠬᠦᠴᠢᠷ ᠢ ᠳᠠᠪᠠᠨ ᠪᠣᠭᠤᠮᠲᠠ ᠰᠢᠪᠲᠤᠯᠵᠤ᠂ ᠡᠨᠡ ᠵᠢᠯ ᠤᠨ ᠡᠯ᠎ᠡ ᠵᠦᠶᠯ ᠤᠨ ᠠᠵᠢᠯ ᠢ ᠬᠦᠴᠦᠯᠡᠨ ᠰᠠᠶᠢᠳᠤᠷ ᠬᠢᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠠᠢ ᠪᠠᠶᠢᠨ᠎ᠠ᠃     ( ᠨᠢᠭᠡ ) ᠠᠵᠤ ᠦᠢᠯᠡᠰ ᠤᠨ ᠬᠡᠯᠬᠢᠶ᠎ᠡ ᠶᠢ ᠲᠡᠰ ᠳᠡᠪᠰᠢᠭᠦᠯᠬᠦ ᠲᠡᠭᠡᠷ᠎ᠡ ᠲᠠᠬᠢᠨ ᠬᠦᠴᠦᠯᠡᠵᠦ᠂ ᠤᠳᠤ ᠦᠶ᠎ᠡ  ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠤᠨ᠎ᠠ᠃《 ᠠᠷᠪᠠᠨ ᠠᠵᠤ ᠦᠢᠯᠡᠰ 》 ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠲᠣᠯᠣᠭᠠᠶᠢᠯᠠᠭᠴᠢ ᠶᠢ ᠠᠳᠬᠤᠵᠤ᠂ ᠬᠡᠯᠬᠢᠶ᠎ᠡ ᠶᠢ ᠤᠷᠲᠤᠳᠬᠠᠨ᠂ ᠴᠤᠭᠯᠠᠷᠠᠯ ᠢ ᠪᠠᠶᠢᠭᠤᠯᠵᠤ᠂ ᠪᠣᠳᠠᠲᠤ ᠴᠤᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠣᠨᠴᠠᠯᠢᠭ ᠢᠯᠡ ᠲᠣᠳᠣ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃       ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃《 ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ 》 ᠪᠠᠷ ᠬᠠᠷᠠᠯᠲᠠ ᠪᠤᠯᠭᠠᠭᠰᠠᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠠᠯᠠᠰᠢᠨ ᠦᠬᠡᠷ ᠤᠨ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠂《ᠨᠠᠷᠢᠯᠢᠭ ᠬᠢᠬᠦ᠂ ᠲᠤᠰᠬᠠᠶ ᠬᠢᠬᠦ᠂ ᠣᠷᠳᠣ ᠬᠤᠭᠤᠴᠠᠭ᠎ᠠ ᠬᠢᠬᠦ 》 ᠪᠠᠷ ᠬᠦᠴᠦᠯᠡᠬᠦ ᠴᠡᠭ ᠪᠣᠯᠭᠠᠵᠤ᠂《 ᠲᠡᠵᠢᠭᠡᠬᠦ᠂ ᠡᠳ᠋ᠰᠢᠭᠦᠯᠬᠦ᠂ ᠪᠣᠷᠣᠯᠠᠭᠤᠯᠬᠤ 》ᠭᠤᠷᠪᠠᠨ ᠭᠤᠭᠴᠤᠭ᠎ᠠ ᠳᠤ ᠵᠡᠷᠭᠡ ᠪᠠᠷ ᠬᠦᠴᠦᠯᠡᠵᠦ᠂《 ᠪᠠᠭ᠎ᠠ ᠬᠡᠪᠴᠢᠶ᠎ᠡ᠂ ᠲᠣᠮᠣ ᠬᠠᠮᠲᠤᠯᠢᠭ 》 ᠤᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠦᠨ᠂ ᠲᠥᠷᠥᠯ ᠵᠦᠶᠯ ᠤᠨ ᠪᠠᠯᠠ ᠮᠥᠩᠭᠦ ᠪᠠ ᠮᠥᠩᠭᠦᠨ ᠭᠦᠶᠯᠭᠡᠭᠡᠨ ᠤ ᠰᠢᠰᠲ᠋ᠧᠮ ᠤᠨ ᠪᠠᠯᠠ ᠮᠥᠩᠭᠦ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠠᠯᠠᠰᠢᠨ ᠦᠬᠡᠷ ᠤᠨ ᠠᠵᠤ ᠦᠶᠯᠡᠰ ᠢ ᠬᠥᠭᠵᠢᠭᠦᠯᠵᠦ᠂ ᠠᠯᠠᠰᠢᠨ ᠦᠬᠡᠷ ᠤᠨ ᠠᠵᠤ ᠦᠶᠯᠡᠰ ᠢ ᠠᠷᠠᠳ ᠢ ᠪᠠᠶᠠᠵᠢᠭᠤᠯᠬᠤ ᠠᠵᠤ ᠦᠶᠯᠡᠰ ᠪᠣᠯᠭᠠᠨ ᠴᠣᠭᠴᠠᠯᠠᠵᠤ᠂ ᠵᠢᠯ ᠳᠤ 70 ᠲᠦᠮᠡ ᠶᠢ ᠳᠠᠪᠠᠭᠤᠯᠤᠨ᠎ᠠ᠃ ᠡᠮᠦᠨᠡᠲᠦ ᠰᠠᠯᠠᠭ᠎ᠠ ᠶᠢᠨ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠠᠯᠠᠰᠢᠨ ᠦᠬᠡᠷ ᠤᠨ ᠡᠭᠦᠯᠳᠡᠷ ᠤᠨ ᠢᠨᠵᠧᠨᠧᠷᠢᠩ ᠢ ᠬᠡᠷᠡᠭᠵᠢᠭᠦᠯᠵᠦ᠂ ᠡᠭᠦᠯᠳᠡᠷ ᠤᠨ ᠢᠷᠡᠯᠲᠡ ᠶᠢ ᠴᠢᠩᠭ᠎ᠠ ᠵᠢᠷᠤᠮᠵᠢᠭᠤᠯᠤᠨ ᠴᠡᠭᠴᠡᠯᠡᠵᠦ᠂ ᠡᠭᠦᠯᠳᠡᠷ ᠰᠠᠶᠢᠵᠢᠷᠠᠭᠤᠯᠬᠤ ᠮᠡᠷᠭᠡᠵᠢᠯᠲᠡᠨ ᠤ ᠪᠣᠯᠪᠠᠰᠤᠷᠠᠭᠤᠯᠤᠯ ᠢ ᠴᠢᠩᠭᠠᠷᠠᠭᠤᠯᠤᠨ᠂ ᠣᠲᠣ ᠶᠢᠨ ᠪᠠᠶᠢᠭ᠎ᠠ 1130 ᠡᠭᠦᠯᠳᠡᠷ ᠰᠠᠶᠢᠵᠢᠷᠠᠭᠤᠯᠬᠤ ᠴᠡᠭ ᠢ ᠵᠢᠷᠤᠮᠵᠢᠭᠤᠯᠤᠨ ᠦᠶᠯᠡᠳᠦᠯ ᠢ ᠨᠢ ᠪᠠᠳᠠᠷᠠᠭᠤᠯᠬᠤ ᠶᠢ ᠦᠨᠡᠨᠬᠦ ᠪᠠᠲᠤᠯᠠᠵᠤ᠂ ᠢᠴᠡᠭᠡᠯ ᠦᠷ᠎ᠡ ᠢᠶᠠᠷ ᠬᠡᠭᠡᠯᠲᠦᠭᠦᠯᠭᠡ ᠬᠢᠬᠦ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠵᠦ᠂ 9 ᠰᠣᠳᠣᠨ ᠢᠨᠵᠧᠨᠧᠷᠢᠩ ᠪᠠᠶᠢᠭᠤᠯᠤᠨ᠎ᠠ᠂ ᠰᠢᠨᠡᠪᠡᠷ ᠲᠦᠮᠡᠨ ᠦᠬᠡᠷ ᠲᠡᠵᠢᠭᠡᠬᠦ ᠲᠠᠯᠠᠪᠠᠢ 1᠂ ᠮᠢᠩᠭᠠᠨ ᠦᠬᠡᠷ ᠲᠡᠵᠢᠭᠡᠬᠦ ᠲᠠᠯᠠᠪᠠᠢ 2᠂ ᠵᠠᠭᠤᠨ ᠦᠬᠡᠷ ᠲᠡᠵᠢᠭᠡᠬᠦ ᠲᠠᠯᠠᠪᠠᠢ 120᠂ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 35᠂ ᠬᠡᠪᠴᠢᠶᠡᠵᠢᠭᠰᠡᠨ ᠲᠡᠵᠢᠭᠡᠪᠤᠷᠢ ᠶᠢᠨ ᠲᠤᠰᠬᠠᠢ ᠬᠤᠷᠰᠢᠶᠠᠵᠢᠯ 15 ᠪᠣᠶᠢᠵᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠯᠤᠭ᠎ᠠ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠮᠠᠯᠴᠢᠨ ᠲᠠᠷᠢᠶᠠᠴᠢᠨ ᠤ ᠦᠬᠡᠷ ᠲᠡᠵᠢᠭᠡᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠮᠠᠯᠴᠢᠨ ᠠᠶᠢᠯ 2 ᠲᠦᠮᠡᠨ ᠦᠬᠡᠷ ᠨᠢᠲᠤᠯᠬᠤ ᠵᠢᠴᠢ ᠬᠦᠢᠲᠡᠨ ᠰᠣᠷᠭᠤᠭ ᠮᠢᠬ᠎ᠠ ᠡᠳ᠋ᠰᠢᠭᠦᠯᠦᠨ ᠪᠣᠯᠪᠠᠰᠤᠷᠠᠭᠤᠯᠬᠤ᠂ ᠬᠠᠨ ᠠᠭᠤᠯᠠ ᠶᠢᠨ ᠮᠢᠬᠠᠨ ᠤ ᠦᠢᠯᠡᠰ ᠤᠨ 1 ᠲᠦᠮᠡᠨ ᠦᠬᠡᠷ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠠᠰᠢᠭᠯᠠᠯᠲᠠ  ᠳᠤ ᠣᠷᠣᠭᠤᠯᠵᠤ᠂ ᠦᠬᠡᠷ ᠤᠨ ᠠᠵᠤ ᠦᠢᠯᠡᠰ ᠢ《 ᠦᠬᠡᠷ ᠬᠤᠳᠠᠯᠳᠤᠵᠦ ᠪᠠᠶᠢᠭᠰᠠᠨ 》 ᠠᠴᠠ《 ᠦᠬᠡᠷ ᠤᠨ ᠮᠢᠬ᠎ᠠ ᠬᠤᠳᠠᠯᠳᠤᠬᠤ 》ᠲᠡᠰᠢ ᠬᠤᠪᠢᠷᠠᠬᠤ ᠶᠢ ᠪᠡᠶᠡᠯᠡᠭᠦᠯᠦᠨ᠎ᠡ᠃ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ  ᠶᠢᠨ ᠲᠠᠪᠴᠠᠩ ᠶᠢ ᠪᠠᠶᠢᠭᠤᠯᠵᠤ᠂ ᠲᠡᠵᠢᠭᠡᠬᠦ᠂ ᠠᠷᠠᠯᠵᠢᠶᠠᠯᠠᠬᠤ᠂ ᠨᠢᠲᠤᠯᠬᠤ᠂ ᠡᠳ᠋ᠰᠢᠭᠦᠯᠬᠦ᠂ ᠪᠣᠷᠣᠯᠠᠭᠤᠯᠬᠤ ᠳᠤ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠪᠦᠬᠦ ᠶᠠᠪᠤᠴᠠ ᠶᠢ ᠮᠥᠷᠳᠡᠵᠦ ᠪᠣᠯᠬᠤᠶᠢᠴᠠ ᠪᠣᠯᠭᠠᠵᠤ᠂ ᠵᠠᠷᠤᠳ ᠲᠠᠯ᠎ᠠ ᠨᠤᠲᠤᠭ ᠤᠨ ᠦᠬᠡᠷ ᠤᠨ ᠨᠡᠷᠡᠲᠦ ᠲᠡᠮᠳᠡᠭ ᠢ ᠡᠭᠦᠳᠤᠨ᠎ᠡ᠃ ᠣᠶ ᠵᠢᠮᠢᠰ ᠵᠢᠴᠢ ᠬᠢᠲᠠᠳ ᠡᠪᠡᠰᠦᠨ ᠡᠮ ᠤᠨ ᠠᠵᠤ ᠦᠶᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠂ ᠠᠵᠤ ᠠᠬᠤᠶ ᠶᠢᠨ ᠣᠶ ᠶᠢᠨ ᠠᠵᠤ ᠦᠶᠯᠡᠰ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠪᠠ ᠠᠰᠢᠭᠯᠠᠬᠤ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠂《 ᠳ᠋ᠣᠺᠲ᠋ᠣᠷ ᠤᠨ ᠠᠵᠢᠯ ᠤᠨ ᠥᠷᠲᠡᠭᠡ 》 ᠶᠢ ᠲᠦᠰᠢᠭᠯᠡᠨ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠭᠡᠨ ᠤ ᠬᠦᠷᠢᠶᠡᠯᠡᠩ ᠯᠦᠭᠡ ᠣᠶᠤᠨ ᠤ ᠬᠥᠮᠥᠷᠭᠡ  ᠶᠢᠨ ᠲᠠᠪᠴᠠᠩ ᠪᠠᠶᠢᠭᠤᠯᠵᠤ᠂ ᠤᠯᠤᠰ ᠤᠨ ᠨᠥᠭᠡᠴᠡ ᠣᠶ ᠵᠢᠴᠢ ᠠᠮᠢᠳᠤ ᠪᠣᠳᠠᠰ ᠤᠨ ᠠᠵᠤ ᠦᠶᠯᠡᠰ᠂ ᠬᠡᠭᠡᠷ᠎ᠡ  ᠶᠢᠨ ᠬᠦᠶᠯᠡᠰᠦᠨ ᠴᠥᠮ᠎ᠡ ᠶᠢ ᠨᠠᠷᠢᠯᠢᠭ ᠡᠳ᠋ᠰᠢᠬᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠽᠠᠨᠳᠠᠨ ᠮᠤᠳᠤ ᠵᠢᠮᠢᠰ ᠮᠣᠳᠣᠯᠢᠭ ᠲᠣᠰᠣᠨ ᠮᠠᠲ᠋ᠧᠷᠢᠶᠠᠯ ᠤᠨ ᠠᠵᠤ ᠠᠬᠤᠶ ᠶᠢᠨ ᠣᠶ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂《 ᠰᠤᠪᠤᠳᠯᠢᠭ ᠲᠣᠰᠣᠨ ᠬᠦᠶᠯᠡᠰᠦ 》᠂ ᠠᠷᠤ ᠭᠠᠵᠠᠷ  ᠤᠨ ᠤᠯᠠᠭᠠᠨ ᠵᠡᠷᠭᠡ ᠬᠦᠶᠲᠡᠨ ᠰᠡᠷᠢᠭᠦᠨ ᠭᠠᠵᠠᠷ ᠣᠷᠣᠨ ᠤ ᠵᠢᠮᠢᠰ ᠢ ᠬᠡᠪᠴᠢᠶᠡᠵᠢᠭᠦᠯᠦᠨ ᠦᠶᠯᠡᠳᠪᠦᠷᠢᠯᠡᠬᠦ ᠪᠠ ᠬᠡᠭᠡᠷ᠎ᠡ ᠶᠢᠨ ᠬᠦᠶᠯᠡᠰᠦ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠠᠯ᠎ᠠ ᠪᠠᠷ ᠴᠢᠨᠠᠷ ᠤᠨ ᠰᠢᠪᠲᠤᠯᠤᠯᠲᠠ ᠶᠢ ᠪᠡᠶᠡᠯᠡᠭᠦᠯᠦᠨ᠎ᠡ᠃《ᠤᠮᠠᠷᠠᠳᠤ ᠴᠢᠨ᠋ᠸ᠎ᠠ ᠶᠢᠨ ᠬᠠᠯᠳᠠᠷ 》ᠣᠢ ᠡᠮ ᠤᠨ ᠮᠠᠲ᠋ᠧᠷᠢᠶᠠᠯ ᠢ ᠠᠯᠠᠭᠯᠠᠨ ᠲᠠᠷᠢᠬᠤ ᠮᠡᠷᠭᠡᠵᠢᠯ  ᠢ ᠪᠦᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠴᠢᠨᠠᠷ ᠰᠠᠶᠢᠲᠠᠢ ᠬᠢᠲᠠᠳ ᠡᠮ ᠤᠨ ᠮᠠᠲ᠋ᠧᠷᠢᠶᠠᠯ ᠤᠨ ᠵᠢᠩᠬᠢᠨᠢ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠦᠷ᠎ᠡ ᠴᠢᠬᠢ ᠪᠣᠶᠢᠵᠢᠭᠤᠯᠬᠤ᠂ ᠣᠨᠴᠠᠯᠢᠭᠲᠤ ᠡᠮ ᠤᠨ ᠮᠠᠲ᠋ᠧᠷᠢᠶᠠᠯ ᠲᠠᠷᠢᠬᠤ᠂ ᠦᠢᠯᠡᠳᠪᠦᠷᠢᠯᠡᠵᠦ ᠰᠤᠳᠤᠯᠤᠨ ᠨᠡᠭᠡᠭᠡᠬᠦ᠂ ᠡᠳ᠋ᠰᠢᠭᠦᠯᠬᠦ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠭᠰᠠᠨ ᠬᠢᠲᠠᠳ ( ᠮᠣᠩᠭᠤᠯ ) ᠡᠮ ᠤᠨ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶᠡᠰᠦ ᠶᠢ ᠲᠦᠷᠭᠡᠳᠬᠡᠨ ᠪᠠᠶᠢᠭᠤᠯᠵᠦ᠂ ᠵᠢᠯ ᠤᠨ ᠡᠮ ᠤᠨ ᠮᠠᠲ᠋ᠧᠷᠢᠶᠠᠯ ᠲᠠᠷᠢᠬᠤ ᠲᠠᠯᠠᠪᠠᠢ ᠶᠢ 3 ᠲᠦᠮᠡᠨ ᠮᠦ ᠠᠴᠠ ᠳᠡᠭᠡᠭᠰᠢ ᠬᠦᠷᠭᠡᠨ᠎ᠡ᠃ ᠲᠠᠯ᠎ᠠ ᠨᠤᠲᠤᠭ ᠤᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠂ ᠬᠤᠨᠢᠨ ᠤ ᠠᠵᠤ ᠦᠢᠯᠡᠰ ᠤᠨ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠵᠤᠬᠢᠶᠠᠵᠦ᠂ ᠬᠤᠨᠢᠨ ᠤ ᠠᠵᠤ ᠦᠢᠯᠡᠰ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠴᠡᠭᠡᠯ ᠦᠷ᠎ᠡ ᠢᠶᠠᠷ ᠬᠡᠭᠡᠯᠲᠦᠭᠦᠯᠭᠡ ᠬᠢᠬᠦ᠂ ᠨᠠᠷᠢᠯᠢᠭ ᠬᠠᠰᠢᠶᠠᠯᠠᠨ ᠲᠡᠵᠢᠭᠡᠬᠦ ᠶᠢ  ᠴᠢᠩᠭᠠᠳᠬᠠᠵᠦ᠂ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠳᠤ ᠬᠠᠰᠢᠶᠠᠯᠠᠨ ᠪᠣᠷᠳᠣᠨ ᠲᠡᠵᠢᠭᠡᠬᠦ ᠬᠤᠨᠢᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠤᠨᠢ ᠶᠢ 200 ᠲᠦᠮᠡ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠡᠳ᠋ᠰᠢᠬᠦᠯᠬᠦ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠂  ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ 10 ᠪᠠᠶᠢᠭᠤᠯᠤᠨ᠎ᠠ︔  ᠰᠠᠢ ᠸᠠᠢ ᠯᠠᠩ ᠤᠤᠯ ᠤᠨ ᠡᠯᠳᠡᠪ ᠠᠮᠤ ᠪᠤᠳᠠᠭ᠎ᠠ ᠡᠳ᠋ᠰᠢᠬᠦᠯᠬᠦ᠂ ᠵᠧᠩ ᠳ᠋ᠠ ᠠᠮᠤ ᠲᠤᠰᠤᠨ ᠤ 7000 ᠲᠣᠨ ᠪᠣᠬᠢᠷᠲᠤᠯ ᠥᠬᠡᠶ ᠨᠠᠷᠢᠮᠤ ᠶᠢ ᠨᠠᠷᠢᠯᠢᠭ ᠡᠳ᠋ᠰᠢᠬᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠤᠶᠢᠯᠡᠰ ᠤᠨ ᠬᠥᠲᠥᠴᠢ ᠠᠵᠤ ᠠᠬᠤᠶᠢᠯᠠᠯ ᠢ 2 ᠪᠣᠶᠢᠵᠢᠭᠤᠯᠵᠤ᠂ ᠠᠵᠤ ᠠᠬᠤᠶᠢᠯᠠᠯ ᠤᠨ《 ᠵᠠᠷᠤᠳ ᠨᠣᠭᠤᠭᠠᠨ ᠪᠤᠷᠴᠠᠭ᠂ ᠵᠠᠷᠤᠳ ᠰᠠᠨᠠᠭ᠎ᠠ ᠠᠮᠤᠷ ᠦᠬᠡᠷ ᠬᠤᠨᠢᠨ ᠮᠢᠬ᠎ᠠ 》ᠵᠡᠷᠭᠡ ᠨᠠᠷᠠᠲᠤ ᠲᠡᠮᠳᠡᠭᠲᠦ ᠢᠶᠠᠨ《 ᠥᠪᠥᠷ ᠮᠣᠩᠭᠤᠯ 》ᠦᠰᠤᠭ᠍ᠳᠤ ᠲᠡᠮᠳᠡᠭ  ᠢᠶᠠᠷ ᠭᠡᠷᠡᠴᠢᠯᠡᠭᠦᠯᠬᠦ ᠪᠠᠷ ᠭᠤᠶᠤᠴᠢᠯᠠᠬᠤ ᠶᠢ ᠳᠡᠮᠵᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ  ᠤ  ᠨᠡᠷ᠎ᠡ ᠬᠦᠨᠳᠤ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠃       ᠠᠵᠤ ᠦᠶᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠬᠦᠴᠤᠯᠡᠨ ᠠᠬᠢᠭᠤᠯᠤᠨ᠎ᠠ ᠃《 ᠠᠵᠤ ᠦᠶᠯᠡᠳᠪᠦᠷᠢ ᠪᠠᠷ ᠬᠤᠰᠢᠭᠤ ᠪᠠᠨ ᠮᠠᠨᠳᠤᠭᠤᠯᠬᠤ 》ᠬᠠᠷᠠᠯᠲᠠ ᠶᠢ ᠭᠤᠶᠢᠪᠢᠰᠢ ᠥᠬᠡᠶ ᠪᠠᠷᠢᠮᠲᠠᠯᠠᠵᠤ᠂ ᠤᠯᠠᠮᠵᠢᠯᠠᠯᠲᠤ ᠠᠵᠤ ᠦᠶᠯᠡᠰ ᠪᠣᠯᠤᠨ ᠰᠢᠨ᠎ᠡ ᠪᠠᠷ ᠮᠠᠨᠳᠤᠭᠰᠠᠨ ᠠᠵᠤ ᠦᠶᠯᠡᠰ ᠢ ᠵᠤᠬᠢᠴᠠᠭᠤᠯᠤᠨ ᠬᠦᠭᠵᠢᠭᠦᠯᠵᠦ᠂ ᠠᠵᠤ ᠦᠶᠯᠡᠰ ᠤᠨ ᠲᠠᠯ᠎ᠠ ᠪᠠᠷ ᠬᠦᠴᠦᠯᠡᠨ ᠰᠢᠪᠲᠤᠯᠵᠤ᠂ ᠠᠵᠤ ᠦᠶᠯᠡᠳᠪᠦᠷᠢ ᠶᠢᠨ ᠲᠠᠯ᠎ᠠ ᠪᠠᠷ ᠰᠢᠶᠳᠪᠦᠷᠢᠲᠦ ᠢᠯᠠᠯᠲᠠ ᠶᠢ ᠣᠯᠤᠨ᠎ᠠ᠃ ᠣᠲᠣ ᠦᠶ᠎ᠡ ᠶᠢᠨ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠪᠣᠬᠢᠷᠲᠤᠯ ᠥᠬᠡᠶ ᠨᠡᠭᠦᠷᠡᠰᠦ ᠴᠠᠬᠢᠯᠭᠠᠨ ᠬᠥᠩᠭᠡᠨ ᠴᠠᠭᠠᠨ᠂ ᠥᠩᠭᠡᠲᠦ ᠲᠡᠮᠦᠷᠯᠢᠭ ᠵᠢᠴᠢ ᠲᠡᠮᠦᠷᠯᠢᠭ ᠪᠤᠰᠤ ᠬᠦᠳᠡᠷ ᠢ ᠮᠠᠯᠲᠠᠵᠤ ᠰᠢᠯᠢᠬᠦ ᠭᠤᠤᠯᠳᠠᠯᠭ᠎ᠠ ᠲᠠᠢ ᠠᠵᠤ ᠦᠶᠯᠡᠰ ᠢ ᠬᠦᠭᠵᠢᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢᠶᠠᠨ ᠶᠡᠭᠡ ᠪᠠᠷ ᠨᠡᠭᠡᠭᠡᠨ ᠠᠰᠢᠭᠯᠠᠬᠤ ᠶᠡᠭᠡ ᠪᠠᠷ ᠪᠥᠲᠥᠭᠡᠨ ᠪᠠᠶᠢᠭᠤᠯᠵᠤ ᠶᠡᠭᠡ ᠪᠠᠷ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠰᠢᠨ᠎ᠡ ᠬᠡᠯᠪᠡᠷᠢ ᠶᠢᠨ ᠨᠡᠭᠦᠷᠡᠰᠦ ᠬᠢᠮᠢ  ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠂ ᠵᠢᠯ ᠳᠤ ᠺᠠᠩ ᠨᠠᠢ ᠡᠯ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠡᠲ᠋ᠠ ᠬᠤᠶᠠᠷᠴᠢ ᠠᠯᠺᠣᠣᠯ᠂ ᠨᠡᠭᠦᠷᠡᠰᠦᠬᠦᠴᠢᠯ ᠤᠨ ᠬᠤᠶᠠᠷ ᠮᠧᠲ᠋ᠢᠯᠲᠦ ᠡᠰᠲ᠋ᠧᠷ᠂ ᠵᠠᠳᠠᠷᠠᠬᠤ ᠰᠦᠯᠢᠶᠣᠣ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠦ᠂ ᠨᠡᠭᠦᠷᠡᠰᠦ ᠶᠢ ᠨᠠᠷᠢᠯᠢᠭ ᠡᠳ᠋ᠰᠢᠬᠦᠯᠬᠦ ᠬᠢᠮᠢ ᠶᠢᠨ ᠠᠵᠤ ᠦᠶᠯᠡᠳᠪᠦᠷᠢ ᠶᠢᠨ ᠲᠠᠯ᠎ᠠ ᠪᠠᠷ ᠦᠭᠡᠢ ᠪᠠᠶᠢᠭᠰᠠᠨ ᠢ ᠨᠦᠬᠦᠪᠦᠷᠢᠯᠡᠨ᠎ᠡ︔ ᠶᠤᠸᠠᠨ ᠹᠧᠩ ᠠᠮᠢᠳᠤ ᠪᠣᠳᠠᠰ ᠤᠨ ᠠᠭ᠎ᠠ ᠶᠢᠨ ᠠᠯᠺᠣᠣᠯ᠂ ᠴᠧᠩ ᠷᠦᠨ ᠰᠢᠩᠭᠡᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠳ᠋ᠦᠩ ᠱᠠᠨ ᠱᠦᠢᠨᠢ ᠡᠷᠦᠳᠡᠰᠦ ᠶᠢᠨ ᠣᠷᠭᠠᠨᠢᠭ ᠪᠣᠷᠳᠣᠭᠤᠷ ᠵᠡᠷᠭᠡ ᠲᠥᠷᠦᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠬᠡᠯᠬᠢᠶᠡᠵᠢᠭᠰᠡᠨ ᠬᠡᠯᠪᠡᠷᠢ ᠶᠢᠨ ᠬᠥᠭᠵᠢᠯᠲᠡ ᠶᠢ ᠪᠡᠶᠡᠯᠡᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠳᠤ ᠬᠠᠮᠤᠭ ᠤᠨ ᠶᠡᠭᠡ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠠᠵᠤ ᠦᠢᠯᠡᠰ  ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠂ ᠬᠤᠤᠯᠢᠩᠭᠤᠣᠯ ᠠᠭᠤᠷᠬᠠᠢ ᠶᠢᠨ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠᠷ ᠠᠵᠠ ᠲᠣᠬᠢᠶᠠᠯ ᠪᠣᠯᠭᠠᠨ᠂ ᠪᠣᠷᠣᠬᠤᠰᠢᠭᠤ ᠪᠣᠯᠤᠨ ᠵᠢᠷᠭᠤᠳᠤᠭᠠᠷ  ᠠᠭᠤᠷᠬᠠᠢ ᠶᠢᠨ ᠬᠤᠳᠳᠤᠭ ᠢ ᠨᠡᠶᠢᠯᠡᠭᠦᠯᠤᠨ᠎ᠡ᠂ ᠢ ᠴᠧᠩ᠂ ᠬᠤᠩᠬᠠᠲᠤ ᠠᠭᠤᠯᠠ᠂ ᠰᠢᠩ ᠸᠠᠩ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠨᠡᠭᠦᠷᠡᠰᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬᠠᠨᠠᠭᠤᠷ ᠬᠥᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ 43 ᠲᠦᠮᠡᠨ ᠲᠣᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠶᠤᠸᠠᠨ ᠳ᠋ᠦᠩ ᠬᠥᠩᠭᠡᠨᠴᠠᠭᠠᠨ ᠤ ᠦᠢᠯᠡᠰ ᠤᠨ 3 ᠲᠦᠮᠡᠨ ᠲᠣᠨ ᠬᠥᠩᠭᠡᠨᠴᠠᠭᠠᠨ ᠤ ᠮᠠᠲ᠋ᠧᠷᠢᠶᠠᠯ ᠡᠳ᠋ᠰᠢᠭᠦᠯᠬᠦ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠬᠥᠩᠭᠡᠨᠴᠠᠭᠠᠨ ᠤ ᠠᠵᠤ ᠦᠢᠯᠡᠰ ᠤᠨ ᠴᠢᠳᠠᠪᠤᠷᠢ ᠪᠠᠨ ᠥᠷᠭᠡᠳᠬᠡᠨ ᠳᠡᠰ ᠳᠡᠪᠰᠢᠬᠦ ᠶᠢ ᠠᠬᠢᠭᠤᠯᠤᠨ᠎ᠠ᠃ ᠥᠩᠭᠡᠲᠦ ᠲᠡᠮᠦᠷᠯᠢᠭ ᠵᠢᠴᠢ ᠲᠡᠮᠦᠷᠯᠢᠭ ᠪᠤᠰᠤ ᠶᠢᠨ ᠬᠦᠳᠡᠷ ᠢ ᠰᠢᠯᠢᠵᠦ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠂ ᠲᠠᠢ ᠫᠢᠩ ᠱᠠᠨ ᠠᠭᠤᠷᠬᠠᠢ ᠶᠢᠨ ᠦᠢᠯᠡᠰ ᠤᠨ 30 ᠲᠦᠮᠡᠨ ᠲᠣᠨ ᠬᠦᠳᠡᠷ ᠰᠢᠯᠢᠬᠦ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠹᠦ᠋ ᠢᠤᠢ ᠳᠦᠨ ᠲᠤᠰᠬᠤᠨ ᠤ ᠭᠤᠤ ᠯᠢᠩ ᠤᠨ ᠰᠢᠷᠣᠢ ᠬᠠᠶᠢᠯᠤᠭᠤᠷ ᠵᠣᠩᠰᠢ ᠶᠢᠨ ᠬᠦᠳᠡᠷ ᠰᠢᠯᠢᠬᠦ ᠪᠠᠷᠢᠯᠭ᠎ᠠ ᠶᠢ ᠪᠠᠶᠢᠭᠤᠯᠤᠨ ᠲᠠᠭᠤᠰᠬᠠᠵᠦ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠮᠤᠰᠢᠭᠠᠢ ᠳᠠᠪᠠᠭᠠᠨ ᠤ ᠮᠥᠩᠭᠦ ᠲᠤᠭᠤᠯᠭ᠎ᠠ ᠴᠠᠶᠢᠷ  ᠤᠨ ᠠᠭᠤᠷᠬᠠᠢ ᠶᠢ《 ᠬᠠᠶᠢᠬᠤ ᠠᠴᠠ ᠮᠠᠯᠲᠠᠬᠤ ᠪᠤᠯᠬᠤ 》 ᠶᠢ ᠠᠬᠢᠭᠤᠯᠵᠤ᠂ ᠱᠧᠩ ᠬᠤᠸᠠ ᠡᠯᠡᠰᠦ ᠶᠢ ᠲᠠᠷᠤᠵᠦ ᠬᠡᠪᠰᠢᠭᠦᠯᠬᠦ ᠲᠤᠯᠭᠠᠭᠤᠷᠢ ᠡᠳ᠋ ᠤᠨ ᠲᠥᠷᠦᠯ ᠵᠦᠢᠯ ᠢ ᠲᠣᠰ ᠵᠢᠯ ᠳᠡᠭᠡᠨ ᠪᠠᠶᠢᠭᠤᠯᠤᠨ ᠳᠠᠭᠤᠰᠬᠠᠵᠤ᠂ ᠥᠩᠭᠡᠲᠦ ᠲᠡᠮᠦᠷᠯᠢᠭ ᠮᠠᠯᠲᠠᠵᠤ ᠬᠠᠶᠢᠯᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠦᠲᠦᠮᠵᠢᠲᠡᠢ ᠠᠬᠢᠭᠤᠯᠤᠨ᠎ᠠ᠃ ᠣᠳᠣ ᠦᠶ᠎ᠡ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠂ ᠲᠦᠩᠯᠢᠶᠣᠤ ᠶᠢᠨ ᠮᠢᠩᠭᠠᠨ ᠲᠦᠮᠡᠨ ᠺᠢᠯᠣᠸᠠᠲ ᠲᠠᠰ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠬᠤ ᠪᠠᠷ ᠲᠣᠬᠢᠶᠠᠯ ᠪᠣᠯᠭᠠᠨ᠂ ᠲᠤᠯᠤᠳᠤ ᠶᠢᠨ 50 ᠲᠦᠮᠡᠨ ᠺᠢᠯᠣᠸᠠᠲ ᠰᠠᠯᠬᠢᠨ ᠴᠠᠬᠢᠯᠭᠠᠨ᠂ ᠾᠦᠸᠧ ᠮᠧᠶ ᠬᠤᠩ ᠵᠢᠶᠦ᠋ᠨ ᠤ ᠢᠯᠴᠢᠳᠤ ᠴᠠᠬᠢᠯᠭᠠᠨ ᠢ ᠠᠮᠢᠳᠣᠯᠢᠭ ᠢᠶᠠᠷ ᠦᠭᠡᠷᠡᠴᠢᠯᠡᠨ 30 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ  ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 256 ᠲᠦᠮᠡᠨ ᠺᠢᠯᠣᠸᠠᠲ ᠬᠦᠷᠭᠡᠬᠦ ᠪᠠᠷ ᠴᠢᠷᠮᠠᠶᠢᠵᠤ᠂ ᠪᠤᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠡᠨᠧᠷᠭᠢ ᠶᠢᠨ ᠰᠠᠯᠬᠢ ᠭᠡᠷᠡᠯ ᠤᠨ ᠴᠠᠬᠢᠯᠭᠠᠨ ᠢᠶᠠᠷ ᠪᠤᠬᠢᠷᠳᠤᠯ ᠦᠭᠡᠢ ᠤᠰᠤᠳᠦ᠋ᠷᠤᠭ᠍ᠴᠢ ᠪᠤᠬᠢᠷᠳᠤᠯ ᠦᠭᠡᠢ ᠰᠢᠪᠲᠦᠷ ᠢ ᠡᠭᠦᠳᠬᠦ‍ ᠨᠢᠭᠡ ᠴᠣᠭᠴᠠᠵᠢᠭᠤᠯᠤᠭᠰᠠᠨ ᠲᠣᠮᠣ ᠰᠠᠭᠤᠷᠢᠨ ᠭᠠᠵᠠᠷ  ᠤᠨ ᠲᠥᠷᠥᠯ ᠵᠦᠢᠯ ᠢ ᠭᠤᠣᠯᠳᠠᠯᠭ᠎ᠠ ᠲᠠᠢ ᠲᠠᠭᠠᠨ ᠤᠷᠤᠵᠦ᠂ ᠪᠤᠬᠢᠷᠳᠤᠯ ᠦᠭᠡᠢ ᠴᠠᠬᠢᠯᠭᠠᠨ ᠤ ᠥᠪᠡᠷ ᠤᠨ ᠥᠷᠲᠡᠭ ᠤᠨ ᠳᠠᠪᠠᠭᠤᠯᠢᠭ ᠪᠠ ᠪᠤᠬᠢᠷᠳᠤᠯ ᠦᠭᠡᠢ ᠴᠠᠬᠢᠯᠭᠠᠨ ᠤ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠢᠶᠠᠨ ᠲᠦᠰᠢᠭᠯᠡᠨ ᠪᠣᠬᠢᠷᠲᠤᠯ ᠦᠭᠡᠢ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂《 ᠪᠤᠬᠢᠷᠳᠤᠯ ᠦᠭᠡᠢ ᠴᠠᠬᠢᠯᠭᠠᠨ ᠬᠦᠩᠭᠡᠨᠴᠠᠭᠠᠨ ᠤ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠲᠣᠭᠤᠷᠢᠭ 》 ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠺᠠᠩ ᠨᠠᠶ ᠡᠯ ᠲᠥᠷᠥᠯ ᠵᠦᠶᠯ ᠤᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠬᠢᠮᠢ ᠶᠢᠨ ᠠᠵᠤ ᠦᠶᠯᠡᠳᠪᠦᠷᠢ ᠶᠢᠨ ᠨᠥᠭᠡᠴᠡ ᠡᠨᠧᠷᠭᠢ ᠶᠢ ᠪᠡᠶᠡᠯᠡᠭᠦᠯᠵᠦ᠂ ᠰᠢᠨ᠎ᠡ ᠡᠨᠧᠷᠭᠢ ᠪᠣᠬᠢᠷᠲᠤᠯ ᠥᠬᠡᠶ ᠴᠠᠬᠢᠯᠭᠠᠨ ᠤ ᠲᠤᠯᠭᠠᠭᠤᠷᠢᠯᠠᠯ ᠪᠣᠯᠤᠨ ᠪᠠᠯ ᠴᠢᠯᠠᠭᠤ ᠪᠣᠯᠤᠨ ᠥᠩᠭᠡᠲᠦ ᠲᠡᠮᠦᠷᠯᠢᠭ ᠬᠠᠶᠢᠯᠠᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠳᠡᠮᠵᠢᠨ᠂《ᠪᠣᠬᠢᠷᠲᠤᠯ ᠥᠬᠡᠶ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠶᠯᠡᠰ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ》 ᠶᠢ ᠠᠬᠢᠭᠤᠯᠵᠤ ᠂ ᠪᠦᠬᠦ ᠬᠦᠴᠤᠨ ᠢᠶᠠᠷ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠲᠣᠭᠤᠷᠢᠭ ᠤᠨ ᠶᠡᠷᠦᠩᠬᠡᠢ ᠲᠥᠯᠥᠪᠵᠢᠭᠦᠯᠪᠡ᠂ ᠠᠵᠤ ᠦᠢᠯᠡᠰ ᠤᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠪᠠ ᠯᠦᠪᠸᠢ ᠶᠢᠨ ᠠᠵᠤ ᠦᠢᠯᠡᠰ ᠤᠨ ᠲᠣᠭᠤᠷᠢᠭ ᠤᠨ ᠬᠢᠮᠢ  ᠶᠢᠨ ᠠᠵᠤ ᠦᠢᠯᠡᠳᠪᠦᠷᠢ ᠲᠦᠪᠯᠡᠷᠡᠬᠦ ᠲᠣᠭᠤᠷᠢᠭ ᠢ ᠪᠠᠳᠤᠯᠠᠨ ᠲᠣᠭᠲᠠᠭᠠᠬᠤ ᠶᠢ ᠪᠡᠶᠡᠯᠡᠭᠦᠯᠵᠦ᠂ ᠯᠦᠪᠸᠢ ᠶᠢᠨ ᠠᠵᠤ ᠦᠢᠯᠡᠰ ᠤᠨ ᠲᠣᠭᠤᠷᠢᠭ ᠤᠨ ᠵᠠᠮ᠂ ᠤᠰᠤ ᠵᠠᠯᠠᠬᠤ᠂ ᠭᠠᠯ ᠤᠨᠲᠠᠷᠠᠭᠠᠬᠤ᠂ ᠰᠢᠭᠠᠷᠤ ᠶᠢᠨ ᠲᠠᠯᠠᠪᠠᠢ᠂ ᠲᠡᠮᠦᠷ ᠵᠠᠮ ᠵᠡᠷᠭᠡ ᠢᠵᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠺᠠᠩ ᠨᠠᠢ ᠡᠯ ᠲᠥᠷᠥᠯ ᠵᠦᠢᠯ ᠤᠨ ᠤᠷᠤᠭᠰᠢᠲᠠᠢ ᠠᠰᠢᠭᠯᠠᠯᠲᠠ ᠳᠤ ᠣᠷᠣᠬᠤ ᠶᠢ ᠪᠦᠬᠦ ᠬᠦᠴᠦᠨ ᠢᠶᠠᠷ ᠪᠠᠲᠤᠯᠠᠨ᠎ᠠ᠃ ᠵᠠᠬᠠᠨᠠᠭᠤᠷ ᠠᠵᠤ ᠦᠢᠯᠡᠰ ᠤᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠶᠢ ᠤᠷᠲᠤᠳᠬᠠᠬᠤ᠂ ᠤᠰᠤ ᠬᠠᠩᠭᠠᠬᠤ᠂ ᠵᠠᠰᠠᠮᠠᠯ ᠵᠠᠮ ᠵᠡᠷᠭᠡ ᠰᠠᠭᠤᠷᠢ ᠢᠨᠵᠧᠨᠧᠷᠢᠩ ᠤᠨ ᠡᠮᠦᠨᠡᠬᠢ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ ᠴᠠᠭ ᠲᠤᠬᠠᠢ ᠳᠤᠨᠢ ᠪᠠᠷᠢᠯᠭ᠎ᠠ ᠡᠬᠢᠯᠡᠭᠦᠯᠦᠨ᠎ᠡ᠃ ᠰᠢᠨᠡᠪᠡᠷ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ 3 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠲᠥᠷᠥᠯ ᠵᠦᠢᠯ᠂ ᠠᠵᠤ ᠦᠢᠯᠡᠰ ᠤᠨ ᠲᠣᠭᠤᠷᠢᠭ ᠲᠡᠰᠢ ᠲᠥᠪᠯᠡᠷᠡᠬᠦ ᠶᠢ ᠠᠬᠢᠭᠤᠯᠤᠨ᠂ ᠲᠣᠭᠤᠷᠢᠭ  ᠢ ᠦᠨᠡᠨᠬᠦ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠪᠣᠯᠭᠠᠨ ᠪᠠᠶᠢᠭᠤᠯᠤᠨ᠎ᠠ᠃       ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃《 ᠪᠦᠲᠦᠴᠡ ᠪᠠᠨ ᠲᠤᠬᠢᠷᠠᠭᠤᠯᠤᠨ ᠰᠢᠯᠢᠳᠡᠭᠵᠢᠭᠦᠯᠬᠦ 》 ᠪᠠᠷ ᠭᠤᠣᠯ ᠰᠢᠵᠢᠮ ᠪᠣᠯᠭᠠᠵᠤ᠂ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠦᠨ᠂ ᠳᠠᠯᠳᠠ ᠬᠦᠴᠦᠨ ᠢᠶᠠᠨ ᠠᠭᠤᠳᠠᠯᠵᠤ᠂ ᠬᠡᠷᠡᠭᠯᠡᠭᠡ ᠶᠢ ᠥᠷᠭᠡᠳᠬᠡᠬᠦ ᠭᠤᠷᠪᠠᠨ ᠠᠵᠢᠯ ᠢ ᠵᠡᠷᠭᠡᠪᠡᠷ ᠬᠢᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ  ᠯᠤᠭ᠎ᠠ ᠭᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠤᠨ᠎ᠠ ᠃ ᠲᠠᠷᠢᠶᠠᠯᠠᠩ ᠤᠨ ᠲᠤᠰᠠᠯᠠᠬᠤ ᠤᠶᠢᠯᠡᠳᠭᠦᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠂ ᠬᠤᠩᠬᠠᠳᠤ ᠠᠭᠤᠯᠠ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ᠂ ᠰᠢ ᠳ᠋ᠦᠸᠧ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠦᠢᠲᠡᠨ ᠬᠡᠯᠬᠢᠶᠡᠲᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠠᠭ᠎ᠠ ᠶᠢᠨ ᠭᠦᠢᠯᠭᠡᠭᠡᠨ ᠤ ᠰᠢᠰᠲ᠋ᠧᠮᠵᠢ ᠶᠢ ᠢᠳᠡᠪᠬᠢᠲᠡᠢ ᠪᠠᠶᠢᠭᠤᠯᠤᠨ᠎ᠠ᠃ ᠵᠢᠩ ᠯᠢ ᠨᠡᠭᠦᠷᠡᠰᠦ ᠬᠠᠳᠠᠭᠠᠯᠠᠬᠤ ᠬᠦᠮᠤᠷᠭᠡ᠂ ᠴᠢ ᠶᠦᠨ ᠴᠠᠬᠢᠯᠭᠠᠨ ᠬᠥᠳᠡᠯᠭᠡᠭᠡᠨᠲᠦ ᠬᠦᠨᠳᠦ ᠠᠴᠢᠶᠠᠨ ᠤ ᠮᠠᠰᠢᠨ ᠤ ᠲᠥᠷᠦᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠪᠠᠲᠣᠯᠠᠨ᠎ᠠ᠂ ᠰᠡᠭᠦᠵᠢ ᠶᠢᠨ ᠳᠠᠪᠠᠭ᠎ᠠ᠂ ᠭᠦᠸᠧ ᠷᠦᠨ ᠠᠷᠠᠯᠵᠢᠶ᠎ᠠ ᠬᠤᠳᠠᠯᠳᠤᠭᠠᠨ ᠤ ᠲᠡᠮᠦᠷ ᠵᠠᠮ ᠤᠨ ᠲᠤᠰᠬᠠᠢ ᠱᠤᠭᠤᠮ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠵᠦ᠂ ᠨᠡᠭᠦᠷᠡᠰᠦ᠂ ᠬᠥᠩᠭᠡᠨ ᠴᠠᠭᠠᠨ ᠤ ᠮᠠᠲ᠋ᠧᠷᠢᠶᠠᠯ ᠤᠨ ᠪᠥᠭᠡᠮ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠶᠢ ᠴᠢᠩᠳᠠᠯᠠᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠡᠵᠡᠩᠨᠡᠯᠲᠡ ᠶᠢ ᠵᠢᠷᠤᠮᠵᠢᠭᠤᠯᠤᠨ᠎ᠠ᠃ ᠭᠤᠤᠯ ᠬᠤᠲᠠ ᠶᠢᠨ ᠲᠣᠭᠤᠷᠢᠭ ᠤᠨ ᠬᠤᠶᠢᠲᠤ ᠭᠠᠷᠬᠤ ᠵᠠᠮ ᠤᠨ ᠬᠤᠶᠠᠷ ᠲᠠᠯ᠎ᠠ᠂ ᠠᠷᠤ ᠬᠥᠨᠳᠡᠯᠡᠨ ᠪᠠᠯᠭᠠᠰᠤ ᠶᠢᠨ ᠬᠤᠶᠢᠲᠤ ᠭᠠᠷᠬᠤ  ᠵᠠᠮ ᠤᠨ ᠪᠠᠷᠠᠭᠠᠨ ᠤ ᠭᠦᠶᠯᠭᠡᠭᠡᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠷᠠᠯᠵᠢᠶ᠎ᠠ ᠬᠤᠳᠠᠯᠳᠤᠭᠠᠨ ᠤ ᠰᠢᠨ᠎ᠡ ᠳᠦᠷᠢ ᠲᠥᠷᠬᠦ ᠶᠢ ᠪᠣᠶ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ ᠲᠥᠪ᠂ ᠴᠢᠶᠠᠨ ᠱᠦᠨ ᠡᠯᠧᠺᠲᠷᠣᠨ ᠬᠤᠳᠠᠯᠳᠤᠭᠠᠨ ᠤ ᠲᠠᠪᠴᠠᠩ᠂ ᠮᠠᠯᠵᠢᠬᠤ ᠲᠠᠷᠢᠶᠠᠯᠠᠬᠤ ᠣᠷᠣᠨ ᠤ 180 ᠡᠯᠧᠺᠲᠷᠣᠨ ᠬᠤᠳᠠᠯᠳᠤᠭᠠᠨ ᠤ ᠲᠣᠤᠷ ᠴᠢᠬ ᠤᠨ ᠦᠶᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠣᠮᠣ ᠬᠡᠯᠪᠡᠷᠢ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ  ᠮᠠᠯᠵᠢᠬᠤ ᠲᠠᠷᠢᠶᠠᠯᠠᠬᠤ ᠣᠷᠣᠨ ᠳᠤ ᠬᠡᠯᠬᠢᠶᠡᠵᠢᠭᠰᠡᠨ ᠲᠣᠤᠷ ᠴᠢᠬ ᠪᠠᠶᠢᠭᠤᠯᠬᠤ ᠶᠢ ᠵᠤᠷᠢᠭᠵᠢᠭᠤᠯᠤᠨ᠂《 ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ 》᠂《 ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ 》ᠵᠡᠷᠭᠡ ᠡᠯᠧᠺᠲᠷᠣᠨ ᠬᠤᠳᠠᠯᠳᠤᠭᠠᠨ ᠤ ᠲᠠᠨᠢᠯᠴᠠᠭᠤᠯᠬᠤ ᠠᠵᠢᠯᠯᠠᠭ᠎ᠠ  ᠶᠢ ᠢᠳᠡᠪᠬᠢᠲᠡᠶ ᠡᠷᠬᠢᠯᠡᠨ᠎ᠡ᠂ ᠲᠤᠤ ᠪᠤᠤ᠂ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠲᠡᠭᠡᠷ᠎ᠡ ᠣᠨᠴᠠᠯᠢᠠᠠᠳᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠳᠣᠨ ᠪᠠᠶᠢᠭᠤᠯᠤᠨ᠂ ᠲᠠᠷᠢᠶᠠᠯᠠᠩ  ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠵᠠᠷᠤᠳ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠬᠦ ᠤᠯᠤᠰ ᠲᠤ ᠰᠠᠭᠠᠳ ᠦᠭᠡᠢ ᠪᠣᠷᠣᠯᠠᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠤᠨ᠎ᠠ᠃ ᠡᠮᠦᠨ᠎ᠡ ᠪᠤᠯᠠᠭᠲᠤ  ᠶᠢᠨ ᠡᠷᠲᠡᠨ ᠤ ᠪᠠᠭᠤᠷᠢ ᠶᠢᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠥᠷᠥᠯ ᠵᠦᠶᠯ ᠪᠤᠯᠭᠠᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠠᠷᠤ ᠬᠥᠨᠳᠡᠯᠡᠨ ᠵᠠᠭᠤᠨ ᠲᠦᠮᠡᠨ ᠮᠥ ᠶᠢᠨ ᠪᠠᠶᠢᠭᠠᠯᠢ ᠶᠢᠨ ᠲᠠᠯ᠎ᠠ ᠨᠤᠲᠤᠭ ᠪᠠ ᠬᠠᠨ ᠠᠭᠤᠯᠠ ᠪᠠᠷ ᠭᠤᠤᠯ ᠪᠣᠯᠭᠠᠭᠰᠠᠨ ᠠᠮᠢ ᠠᠬᠤᠶ  ᠶᠢᠨ ᠵᠢᠭᠤᠯᠴᠢᠯᠠᠯ ᠤᠨ ᠣᠷᠣᠨ ᠢ ᠡᠬᠢᠯᠡᠨ  ᠪᠠᠶᠢᠭᠤᠯᠤᠨ᠎ᠠ᠂ ᠵᠠᠭᠦᠨ ᠨᠠᠭᠤᠷ᠂ ᠠᠭᠤᠯᠠᠷᠬᠠᠭ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠤᠯᠤᠰ ᠤᠨ AAA ᠲᠠᠰ ᠤᠨ ᠦᠵᠡᠮᠵᠢ ᠶᠢᠨ ᠣᠷᠣᠨ ᠪᠤᠯᠭᠠᠨ ᠪᠠᠶᠢᠭᠤᠯᠬᠤ ᠶᠢ ᠴᠢᠷᠮᠠᠶᠢᠨ ᠳᠡᠮᠵᠢᠵᠦ᠂ ᠢᠤᠢ ᠵᠧᠦ ᠶᠢᠨ ᠬᠤᠶᠢᠲᠤ ᠳᠠᠬᠢ ᠥᠪᠡᠰᠦᠪᠡᠨ ᠲᠡᠷᠭᠡ ᠵᠢᠯᠤᠭᠤᠳᠤᠨ ᠵᠤᠭᠠᠴᠠᠬᠤ ᠬᠡᠭᠡᠷ᠎ᠡ ᠶᠢᠨ ᠪᠠᠭᠤᠳᠠᠯ ᠢ 4 C ᠲᠠᠰ ᠤᠨ ᠥᠪᠡᠰᠦᠪᠡᠨ ᠲᠡᠷᠭᠡ ᠵᠢᠯᠣᠭᠤᠳᠴᠤ ᠵᠤᠭᠠᠴᠠᠨ ᠪᠠᠭᠤᠳᠠᠯᠯᠠᠬᠤ ᠭᠠᠵᠠᠷ ᠪᠤᠯᠭᠠᠨ ᠰᠢᠯᠭᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠰᠢᠨᠡᠪᠡᠷ 30 ᠲᠠᠷᠢᠶᠠᠴᠢᠨ ᠠᠶᠢᠯ  ᠤᠨ ᠬᠤᠭᠤᠯᠠᠨ ᠭᠡᠷ᠂ ᠮᠠᠯᠴᠢᠨ ᠠᠶᠢᠯ ᠤᠨ ᠬᠤᠭᠤᠯᠠᠨ ᠭᠡᠷ ᠪᠣᠶᠢᠵᠢᠭᠤᠯᠤᠨ᠎ᠠ᠃ ᠦᠯᠢᠭᠡᠷ᠂ ᠤᠯᠠᠭᠠᠨᠮᠥ᠋ᠴᠢᠷ ᠤᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂《 ᠲᠠᠯ᠎ᠠ ᠨᠤᠲᠤᠭ ᠤᠨ ᠪᠣᠷᠣ ᠬᠡᠷᠡᠮ 》 ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠂ ᠣᠢ ᠰᠢᠭᠤᠢ ᠡᠪᠡᠰᠦ ᠪᠡᠯᠴᠢᠭᠡᠷ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ  ᠶᠢ ᠪᠡᠶᠡᠯᠡᠭᠦᠯᠦᠨ᠎ᠡ᠃《 ᠬᠦᠶᠯᠡᠰᠦᠨ ᠴᠡᠴᠡᠭ᠂ ᠬᠤᠷᠴᠠ ᠤᠯᠠᠭᠠᠨ ᠴᠡᠴᠡᠭ ᠤᠨ ᠨᠠᠶᠢᠷ 》ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠲᠥᠰᠦᠪᠯᠡᠨ ᠡᠷᠭᠢᠯᠡᠵᠦ᠂ ᠪᠥᠬᠦ ᠵᠢᠯ 120 ᠲᠦᠮᠡᠨ ᠬᠥᠮᠦᠨ ᠤᠳᠠᠭ᠎ᠠ ᠵᠣᠭᠠᠴᠠᠭᠰᠠᠳ ᠢ ᠬᠦᠯᠢᠶᠡᠨ ᠠᠪᠴᠤ᠂ ᠶᠡᠷᠦᠩᠬᠡᠶᠢᠯᠡᠭᠰᠡᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠬᠦᠷᠭᠡᠬᠦ  ᠪᠠᠷ ᠴᠢᠷᠮᠠᠶᠢᠨ᠎ᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠵᠤ᠂ ᠲᠣᠭᠠᠴᠢᠯᠠᠭᠰᠠᠨ ᠵᠠᠷᠤᠳ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠲᠡᠷᠢᠭᠦᠨ ᠤ ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠵᠦ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠬᠤ ᠶᠢ ᠠᠬᠢᠭᠤᠯᠤᠨ᠎ᠠ᠃ ᠵᠠᠬᠠᠨᠠᠭᠤᠷ ᠨᠡᠭᠦᠷᠡᠰᠦᠨ ᠤ ᠦᠢᠯᠡᠰ ᠤᠨ ᠲᠣᠭᠠᠴᠢᠯᠠᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠤᠶᠤᠨᠲᠤ ᠠᠵᠤ ᠦᠢᠯᠡᠳᠪᠦᠷᠢ᠂ ᠤᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠤᠨ ᠰᠢᠨ᠎ᠡ ᠡᠭᠦᠳᠤᠯᠳᠡ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠨ᠎ᠠ᠃ ᠮᠡᠳᠡᠭᠡ ᠵᠠᠩᠭᠢ ᠶᠢᠨ ᠮᠡᠷᠭᠡᠵᠢᠯ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠬᠠᠮ ᠦᠵᠡᠭᠦᠯᠤᠯᠭᠡ ᠶᠢᠨ ᠠᠵᠤ ᠠᠬᠤᠶ᠂ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠰᠢᠨ᠎ᠡ ᠪᠤᠶ ᠪᠣᠯᠤᠭᠰᠠᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠵᠦ᠂ ᠠᠳᠠᠯ ᠦᠢᠯᠡᠰ ᠪᠤᠰᠬᠠᠬᠤ ᠠᠵᠢᠯ ᠣᠯᠭᠤᠬᠤ ᠠᠷᠭ᠎ᠠ ᠵᠠᠮ ᠢ ᠲᠠᠰᠤᠷᠠᠯᠲᠠ ᠤᠢᠭᠡᠢ ᠥᠷᠭᠡᠵᠢᠭᠦᠯᠦᠨ᠎ᠡ᠃      ( ᠬᠤᠶᠠᠷ ) ᠬᠤᠳᠠᠯᠳᠣᠭᠠᠴᠢᠨ ᠤᠷᠢᠵᠤ ᠪᠠᠯᠠ ᠲᠠᠲᠠᠬᠤ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠪᠦᠲᠦᠮᠵᠢᠲᠡᠶ ᠪᠠᠯᠠ ᠣᠷᠣᠭᠤᠯᠣᠨ ᠰᠢᠨ᠎ᠡ ᠬᠥᠳᠡᠯᠭᠡᠬᠦ ᠬᠦᠴᠦᠨ ᠢᠶᠠᠨ ᠴᠢᠩᠭᠠᠷᠠᠭᠤᠯᠤᠨ᠎ᠠ᠃  ᠣᠷᠢᠬᠤ ᠲᠠᠲᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠪᠠ ᠣᠷᠢᠬᠤ ᠲᠠᠲᠠᠬᠤ ᠠᠵᠢᠯ ᠢᠶᠠᠨ ᠴᠢᠩᠭᠠᠳᠬᠠᠬᠤ ᠶᠢ ᠪᠠᠷᠢᠮᠲᠠᠯᠠᠵᠤ᠂ ᠴᠠᠭ ᠮᠥᠴᠡ ᠲᠠᠢ ᠤᠷᠤᠯᠳᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠪᠠᠯᠠ ᠣᠷᠣᠭᠤᠯᠤᠯᠲᠠ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠳᠠᠯ ᠬᠤᠷᠠᠮᠳᠤᠭᠤᠯᠵᠤ᠂  ᠬᠤᠷᠳᠣᠴᠠ ᠨᠡᠮᠡᠭᠳᠡᠬᠦ ᠳᠤ ᠬᠦᠴᠦᠨ ᠨᠡᠮᠡᠨ᠎ᠡ᠃      ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠭᠤᠶᠢᠪᠢᠰᠢ ᠦᠭᠡᠢ ᠠᠳᠬᠤᠨ᠎ᠠ᠃ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠢ ᠰᠢᠯᠭᠠᠨ ᠬᠢᠨᠠᠵᠤ ᠤᠷᠮᠠᠰᠢᠭᠤᠯᠬᠤ ᠠᠷᠭ᠎ᠠ ᠶᠢ ᠲᠡᠭᠦᠯᠳᠡᠷᠵᠢᠭᠦᠯᠵᠦ᠂ ᠰᠢᠯᠢᠳᠡᠭ ᠬᠦᠴᠦᠨ ᠢᠶᠠᠨ ᠰᠣᠩᠭᠤᠨ ᠲᠣᠬᠢᠷᠠᠭᠤᠯᠵᠤ᠂ ᠬᠤᠳᠠᠯᠳᠤᠭᠠᠴᠢᠨ ᠤᠷᠢᠬᠤ ᠲᠣᠰᠬᠠᠢ ᠡᠩᠨᠡᠭᠡ ᠶᠢ ᠲᠡᠭᠦᠯᠳᠡᠷᠵᠢᠭᠦᠯᠦᠨ᠎ᠡ ᠃ ᠬᠤᠳᠠᠯᠳᠤᠭᠠᠴᠢᠨ ᠤᠷᠢᠵᠤ ᠪᠡᠯᠡ  ᠲᠠᠲᠠᠬᠤ ᠠᠵᠢᠯ ᠤᠨ  ᠬᠦᠴᠦᠨ ᠪᠠᠭᠤᠷᠠᠬᠤ ᠦᠭᠡᠢ᠂ ᠡᠷᠴᠢᠮ ᠰᠤᠯᠠᠷᠠᠬᠤ ᠦᠭᠡᠢ ᠪᠠᠶᠢᠬᠤ ᠶᠢ ᠪᠠᠲᠤᠯᠠᠵᠤ᠂《 ᠶᠡᠭᠡ ᠶᠢ ᠤᠷᠢᠵᠤ ᠬᠦᠴᠦᠷᠬᠡᠭ ᠢ ᠲᠠᠲᠠᠬᠤ 》ᠳᠡᠭᠡᠷ᠎ᠡ ᠬᠦᠴᠦ ᠣᠷᠣᠭᠤᠯᠵᠤ᠂《 ᠪᠠᠭ᠎ᠠ ᠶᠢ ᠲᠡᠳᠬᠦᠵᠦ  ᠰᠦᠷᠦᠭᠵᠢᠨ ᠬᠦᠭᠵᠢᠭᠦᠯᠬᠦ》ᠳᠡᠭᠡᠷ᠎ᠡ ᠬᠦᠴᠦ ᠲᠠᠯᠪᠢᠨ᠎ᠠ᠃《 ᠠᠷᠪᠠᠨ ᠠᠵᠤ ᠦᠢᠯᠡᠰ 》 ᠤᠨ ᠲᠣᠭᠤᠷᠢᠨ ᠳᠤ ᠠᠵᠤ ᠦᠢᠯᠡᠰ ᠤᠨ ᠵᠢᠷᠤᠭ ᠲᠦᠯᠦᠪᠯᠡᠭᠡ ᠶᠢ ᠨᠠᠷᠢᠯᠢᠭ ᠬᠢᠵᠦ᠂ ᠣᠨᠣᠴᠠᠲᠠᠢ ᠬᠤᠳᠠᠯᠳᠣᠭᠠᠴᠢᠨ ᠤᠷᠢᠬᠤ ᠠᠷᠭ᠎ᠠ ᠵᠠᠮ ᠪᠠᠶᠢᠭᠤᠯᠵᠤ᠂《ᠴᠢᠳᠠᠪᠣᠷᠢᠲᠠᠳ ᠨᠤᠲᠤᠭ ᠲᠠᠭᠠᠨ ᠪᠣᠴᠠᠬᠤ 》᠂ ᠬᠤᠳᠠᠯᠳᠤᠭᠠᠴᠢᠳ ᠤᠨ ᠡᠪᠯᠡᠯ ᠨᠡᠶᠢᠭᠡᠮᠯᠢᠭ ᠵᠡᠷᠭᠡ ᠲᠠᠪᠴᠠᠩ ᠢ ᠲᠦᠰᠢᠭᠯᠡᠨ᠂ ᠲᠤᠰᠬᠠᠢ ᠬᠤᠳᠠᠯᠳᠣᠭᠠᠴᠢᠨ ᠤᠷᠢᠬᠤ᠂ ᠭᠤᠣᠯᠳᠠᠯᠭ᠎ᠠ ᠲᠠᠢ ᠬᠤᠳᠠᠯᠳᠣᠭᠠᠴᠢᠨ ᠤᠷᠢᠬᠤ᠂ ᠪᠦᠬᠦ ᠵᠢᠯ ᠢᠶᠠᠷ ᠬᠤᠳᠠᠯᠳᠣᠭᠠᠴᠢᠨ ᠤᠷᠢᠬᠤ ᠶᠢ ᠳᠣᠪᠣᠶᠢᠯᠭᠠᠵᠤ᠂ ᠲᠣᠯᠣᠭᠠᠢᠯᠠᠭᠰᠠᠨ ᠠᠵᠤ ᠠᠬᠤᠶᠢᠯᠠᠯ᠂ ᠭᠤᠣᠯ ᠬᠡᠯᠬᠢᠶ᠎ᠡ ᠶᠢᠨ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠢ ᠲᠦᠰᠢᠭᠯᠡᠨ ᠣᠨᠣᠴᠠᠲᠠᠢ ᠬᠤᠳᠠᠯᠳᠣᠭᠠᠴᠢᠨ ᠣᠷᠢᠨ᠎ᠠ᠃ ᠭᠤᠣᠯᠳᠠᠭᠤ ᠭᠤᠸᠠᠩᠳᠦ᠋ᠩ ᠤᠨ ᠨᠦᠩ ᠺᠧᠨ ᠰᠢᠨ᠎ᠡ ᠶᠢ ᠡᠭᠦᠳᠴᠦ ᠠᠳᠠᠯ ᠦᠶᠯᠡᠰ ᠪᠣᠰᠬᠠᠬᠤ ᠰᠠᠭᠤᠷᠢᠨ ᠭᠠᠵᠠᠷ᠂ ᠾᠧ ᠯᠢ ᠱᠢ ᠢᠯᠵᠢᠮᠡᠭ ᠬᠦᠴᠢᠯ ᠤᠨ ᠨᠠᠲᠷᠢ ᠺᠠᠯᠢ᠂ ᠬᠠᠷᠪᠢᠨ ᠤ ᠴᠠᠬᠢᠯᠭᠠᠨ ᠰᠠᠯᠬᠢᠨ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠰᠠᠭᠤᠷᠢᠨ ᠭᠠᠵᠠᠷ᠂ ᠳ᠋ᠧ ᠡᠯ ᠪᠦᠯᠦᠭᠯᠡᠯ ᠤᠨ ᠪᠠᠯ ᠴᠢᠯᠠᠭᠤ ᠶᠢ ᠨᠠᠷᠢᠯᠢᠭ ᠡᠳ᠋ᠰᠢᠭᠦᠯᠬᠦ᠂ ᠱᠧᠨ ᠲᠦᠩ ᠪᠦᠯᠦᠭᠯᠡᠯ ᠤᠨ ᠬᠠᠷ᠎ᠠ ᠲᠤᠭᠤᠯᠭ᠎ᠠ ᠴᠠᠶᠢᠷ  ᠤᠨ ᠠᠭᠤᠷᠬᠠᠶ ᠶᠢᠨ ᠬᠦᠳᠡᠷ ᠰᠢᠯᠢᠬᠦ ᠵᠡᠷᠭᠡ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠡᠭᠡ᠂ ᠳᠠᠶᠢᠴᠢᠯᠠᠬᠤ ᠴᠢᠳᠠᠪᠤᠷᠢ ᠴᠢᠩᠭ᠎ᠠ ᠲᠥᠷᠥᠯ ᠵᠦᠶᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠵᠢᠯ ᠳᠤ 50 ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠲᠠᠲᠠᠨ ᠣᠷᠣᠭᠤᠯᠤᠨ᠎ᠠ᠃ ᠤᠯᠤᠰ ᠠᠴᠠ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠢ ᠤᠷᠢᠳᠴᠢᠯᠠᠨ ᠬᠢᠬᠦ ᠠᠵᠠ ᠲᠣᠬᠢᠶᠠᠯ ᠢ ᠠᠮᠵᠢᠵᠤ᠂ ᠤᠰᠤᠨ ᠠᠰᠢᠭᠯᠠᠯᠲᠠ᠂ ᠬᠥᠳᠡᠭᠡ ᠠᠵᠤ ᠠᠬᠤᠢ ᠵᠡᠷᠭᠡ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ  ᠢ ᠲᠥᠯᠥᠪᠵᠢᠭᠦᠯᠵᠦ᠂ ᠲᠦᠷᠦᠯ ᠵᠦᠢᠯ ᠤᠨ ᠨᠥᠭᠡᠴᠡ ᠶᠢ ᠦᠷᠭᠦᠯᠵᠢᠯᠡᠨ ᠴᠢᠩᠭᠠᠳᠬᠠᠨ᠎ᠠ︔ 2×100 ᠲᠦᠮᠡᠨ ᠺᠢᠯᠣᠸᠠᠲ ᠲᠠᠰ ᠤᠨ ᠵᠠᠭᠠᠭ ᠬᠢᠯᠢ ᠶᠢ ᠳᠠᠪᠠᠭᠰᠠᠨ ᠴᠡᠪᠡᠷ ᠬᠤᠭᠤᠰᠤᠨ ᠬᠦᠷᠦᠭᠡᠬᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠥᠷᠥᠯ ᠵᠦᠶᠯ ᠤᠯᠤᠰ ᠤᠨ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠬᠤ ᠶᠢ ᠠᠬᠢᠭᠤᠯᠤᠨ᠎ᠠ︔ ᠳᠤᠮᠳᠠ ᠳᠣᠤᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ᠂ ᠡᠯᠡᠰᠦᠷᠬᠡᠭ ᠭᠠᠵᠠᠷ ᠲᠤ ᠣᠶᠢᠵᠢᠭᠤᠯᠬᠤ ᠵᠡᠷᠭᠡ ᠬᠦᠷᠢᠶ᠎ᠡ ᠴᠠᠷᠠᠭ᠎ᠠ ᠳᠤ᠂ ᠲᠥᠪ ᠤᠨ ᠲᠥᠰᠦᠪ ᠤᠨ ᠪᠠᠯᠠ ᠮᠥᠩᠭᠦ᠂ ᠡᠩ ᠤᠨ ᠵᠢᠭᠡᠯᠡᠯᠭᠡ ᠪᠠ ᠲᠤᠰᠬᠠᠶ ᠵᠢᠭᠡᠯᠡᠯᠭᠡ᠂ ᠤᠯᠤᠰ ᠤᠨ ᠣᠨᠴᠠᠭᠠᠶ ᠵᠢᠭᠡᠯᠡᠯᠭᠡ ᠶᠢ ᠢᠳᠡᠪᠬᠢᠯᠡᠨ ᠣᠯᠵᠤ᠂ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠵᠢᠯ ᠳᠤ ᠳᠡᠭᠡᠳᠦ ᠱᠠᠲᠤᠨ ᠤ ᠲᠥᠷᠥᠯ ᠵᠦᠶᠯ ᠤᠨ ᠪᠠᠯᠠ ᠮᠥᠩᠭᠦ ᠶᠢ 14 ᠳ᠋ᠦᠩᠰᠢᠭᠤᠷ ᠲᠥᠭᠦᠷᠢᠭ ᠠᠴᠠ ᠳᠡᠭᠡᠭᠰᠢ ᠤᠯᠬᠤ  ᠪᠠᠷ ᠴᠢᠷᠮᠠᠶᠢᠨ᠎ᠠ ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ 《 ᠠᠮᠢ ᠴᠦᠯᠡᠨ ᠪᠠᠶᠢᠯᠳᠤᠬᠤ 》ᠰᠥᠰᠥ ᠵᠣᠷᠢᠭ ᠢ ᠡᠪᠦᠷᠯᠡᠨ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠠᠯ᠎ᠠ ᠪᠠᠷ ᠢᠯᠡᠯᠲᠡ ᠣᠯᠣᠨ᠎ᠠ᠂ ᠵᠢᠯ ᠳᠤ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠬᠢᠬᠦ ᠶᠢ ᠪᠠᠲᠤᠯᠠᠨ᠎ᠠ᠃ ᠺᠠᠩ ᠨᠠᠢ ᠡᠯ᠂ ᠶᠤᠸᠠᠨ ᠹᠧᠩ ᠵᠡᠷᠭᠡ ᠦᠷᠭᠦᠯᠵᠢᠯᠡᠨ ᠪᠠᠶᠢᠭᠤᠯᠬᠤ 21 ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ  ᠪᠠᠷᠢᠯᠭ᠎ᠠ ᠳᠠᠭᠤᠰᠬᠠᠨ ᠠᠵᠢᠯ ᠡᠬᠢᠯᠡᠬᠦ ᠶᠢ ᠠᠬᠢᠭᠤᠯᠵᠤ᠂ ᠵᠢᠯ ᠤᠨ ᠰᠡᠭᠦᠯᠴᠢ  ᠠᠴᠠ ᠡᠮᠦᠨ᠎ᠡ ᠪᠦᠬᠦᠨ ᠢ ᠠᠰᠢᠭᠯᠠᠯᠲᠠ ᠳᠤ ᠣᠷᠣᠭᠤᠯᠬᠤ ᠨᠥᠬᠦᠴᠡᠯ ᠢ ᠪᠦᠷᠢᠯᠳᠦᠭᠦᠯᠦᠨ᠎ᠡ︔ ᠵᠦᠩ ᠺᠧ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ᠂ ᠮᠤᠵᠢ ᠶᠢᠨ ᠵᠠᠮ《 ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠬᠤ 》ᠲᠦᠷᠥᠯ ᠵᠦᠢᠯ ᠤᠨ ᠵᠠᠷᠤᠳ ᠤᠨ ᠰᠠᠯᠪᠣᠷᠢ ᠱᠣᠭᠤᠮ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠵᠠᠷᠤᠳ ᠰᠠᠯᠪᠤᠷᠢ ᠱᠤᠭᠤᠮ ᠤᠨ ᠢᠨᠵᠧᠨᠧᠷᠢᠩ ᠵᠡᠷᠭᠡ ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ︔ 120 ᠲᠦᠮᠡᠨ ᠺᠢᠯᠣᠸᠠᠲ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠪᠣᠯᠤᠮᠵᠢᠲᠤ ᠰᠤᠳᠤᠯᠤᠯ ᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠨᠧᠷᠭᠢ ᠶᠢᠨ ᠠᠮᠤᠷ ᠲᠦᠪᠰᠢᠨ ᠪᠠᠲᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃       ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠲᠥᠷᠥᠯ ᠵᠦᠶᠯ ᠤᠨ ᠦᠶᠯᠡᠴᠢᠯᠡᠭᠡ ᠶᠢ ᠪᠠᠲᠤᠯᠠᠨ᠎ᠠ᠃ ᠲᠥᠷᠥᠯ ᠵᠦᠢᠯ ᠢ ᠵᠣᠯᠭᠠᠭᠤᠯᠬᠤ᠂ ᠭᠡᠷ᠎ᠡ ᠲᠣᠭᠲᠠᠬᠤ᠂ ᠠᠵᠢᠯ ᠡᠬᠢᠯᠡᠭᠦᠯᠬᠦ᠂ ᠠᠰᠢᠭᠯᠠᠯᠲᠠ ᠳᠤ ᠣᠷᠣᠭᠤᠯᠬᠤ ᠠᠴᠠ ᠰᠡᠭᠦᠯᠴᠢ  ᠶᠢᠨ ᠮᠥᠷᠳᠡᠨ ᠬᠠᠮᠢᠶᠠᠷᠬᠤ ᠬᠦᠷᠲᠡᠯ᠎ᠡ᠂ ᠪᠡᠯᠡ ᠣᠷᠣᠭᠤᠯᠤᠭᠴᠢᠳ ᠲᠤ ᠪᠦᠬᠦ ᠶᠠᠪᠤᠴᠠ ᠳᠤ《 ᠠᠯᠲᠠᠨ ᠮᠧᠳᠡᠯᠲᠦ ᠦᠢᠯᠡᠴᠢᠯᠡᠭᠴᠢ 》ᠬᠡᠯᠪᠡᠷᠢ ᠶᠢᠨ ᠦᠢᠯᠡᠴᠢᠯᠡᠭᠡ ᠬᠠᠩᠭᠠᠨ᠎ᠠ᠃《 ᠲᠥᠷᠥᠯ ᠵᠦᠶᠯ ᠤᠨ ᠬᠠᠮᠢᠶᠠᠷᠤᠭᠴᠢ 》᠂《 ᠲᠥᠷᠥᠯ ᠵᠦᠶᠯ ᠤᠨ ᠨᠠᠷᠢᠨ ᠪᠢᠴᠢᠭᠡᠴᠢ 》ᠪᠦᠷᠢᠨ ᠬᠠᠮᠤᠷᠬᠤ ᠶᠢ ᠠᠬᠢᠭᠤᠯᠵᠤ᠂ ᠲᠥᠷᠥᠯ ᠵᠦᠶᠯ ᠨᠢᠭᠡᠪᠦᠷᠢ ᠶᠢ ᠴᠥᠮ ᠲᠤᠰᠬᠠᠶ ᠬᠥᠮᠦᠨ ᠬᠠᠷᠢᠭᠤᠴᠠᠬᠤ᠂ ᠲᠤᠰᠬᠠᠶ ᠬᠥᠮᠦᠨ ᠦᠶᠯᠡᠴᠢᠯᠡᠬᠦ ᠶᠢ ᠪᠠᠲᠤᠯᠠᠨ᠎ᠠ᠂ ᠨᠢᠭᠡ ᠲᠥᠷᠥᠯ ᠵᠦᠶᠯ ᠂ ᠨᠢᠭᠡ ᠤᠳᠤᠷᠢᠳᠤᠯᠭ᠎ᠠ᠂ ᠨᠢᠭᠡ ᠠᠵᠢᠯ ᠤᠨ ᠲᠤᠰᠬᠠᠶ ᠠᠩᠭᠢ᠂ ᠨᠢᠭᠡ ᠤᠴᠢᠷ ᠶᠠᠪᠤᠳᠠᠯ ᠢ ᠨᠢᠭᠡ ᠵᠣᠬᠢᠴᠠᠭᠤᠯᠬᠤ᠂ ᠨᠢᠭᠡ ᠰᠠᠷ᠎ᠠ ᠳᠤ ᠨᠢᠭᠡ ᠠᠬᠢᠭᠤᠯᠬᠤ《 ᠲᠠᠪᠤᠨ ᠨᠢᠭᠡ 》 ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠵᠠᠷ  ᠤᠨ ᠲᠠᠰ ᠤᠨ ᠤᠳᠤᠷᠢᠳᠤᠯᠭ᠎ᠠ ᠭᠤᠤᠯᠳᠠᠯᠭ᠎ᠠ ᠲᠠᠢ ᠲᠥᠷᠥᠯ ᠵᠦᠶᠯ ᠢ ᠳᠠᠭᠠᠭᠠᠴᠢᠯᠠᠨ ᠬᠠᠷᠢᠯᠴᠠᠬᠤ ᠲᠦᠷᠢᠮ ᠢ ᠬᠡᠷᠡᠭᠵᠢᠭᠦᠯᠵᠦ᠂ ᠦᠨᠡᠨ ᠰᠡᠳᠬᠢᠯ ᠢᠶᠠᠷ ᠲᠣᠬᠢᠷᠠᠮᠵᠢᠲᠠᠢ ᠦᠶᠯᠡᠴᠢᠯᠡᠭᠡ ᠬᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠶᠯ ᠤᠨ ᠳᠣᠲᠠᠭᠳᠠᠯ ᠲᠠᠢ ᠲᠠᠯ᠎ᠠ ᠶᠢ ᠣᠨᠣᠪᠴᠢᠲᠠᠶ ᠡᠷᠢᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ᠂ ᠲᠥᠷᠥᠯ ᠵᠦᠶᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ᠂ ᠬᠤᠷᠳᠤᠴᠠ ᠦᠷ᠎ᠡ ᠠᠰᠢᠭ ᠨᠡᠮᠡᠭᠳᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃      ( ᠭᠤᠷᠪᠠ ) ᠦᠷ᠎ᠡ ᠪᠦᠲᠦᠭᠡᠯ ᠢᠶᠠᠨ ᠪᠠᠬᠢᠵᠢᠭᠦᠯᠬᠦ ᠪᠠ ᠰᠠᠭᠤᠷᠢ ᠪᠠᠨ ᠬᠦᠴᠦᠷᠭᠡᠭᠵᠢᠭᠦᠯᠬᠦ ᠳᠡᠭᠡᠷ᠎ᠡ ᠲᠠᠬᠢᠨ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠶᠠᠷ ᠨᠠᠭᠠᠲᠤ ᠵᠠᠬ᠎ᠠ ᠶᠢᠨ ᠱᠤᠭᠤᠮ ᠢ ᠪᠠᠲᠤ ᠰᠠᠬᠢᠵᠤ᠂ ᠮᠠᠯ ᠠᠵᠤ ᠠᠬᠤᠶ ᠲᠠᠷᠢᠶᠠᠯᠠᠩ ᠪᠠ ᠬᠦᠳᠡᠭᠡ ᠲᠣᠰᠬᠤᠨ ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ ᠃       ᠶᠠᠳᠠᠭᠤ ᠠᠴᠠ ᠠᠩᠭᠢᠵᠢᠷᠠᠭᠤᠯᠣᠭᠰᠠᠨ ᠰᠢᠪᠳᠣᠯᠣᠯᠲᠠ ᠶᠢᠨ ᠦᠷ᠎ᠡ ᠪᠦᠲᠦᠭᠡᠯ ᠢᠶᠠᠨ ᠪᠦᠬᠦ ᠬᠦᠴᠦᠨ ᠢᠶᠠᠷ  ᠢᠶᠠᠨ ᠪᠠᠬᠢᠵᠢᠭᠦᠯᠦᠨ ᠥᠷᠭᠡᠳᠬᠡᠨ᠎ᠡ᠃《 ᠳᠥᠷᠪᠡ ᠶᠢ ᠬᠠᠶᠠᠬᠤ ᠥᠬᠡᠶ 》᠂ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢᠨ ᠵᠠᠯᠭᠠᠮᠵᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠴᠠ ᠂ ᠪᠡᠯᠡ ᠣᠷᠣᠭᠤᠯᠤᠯᠲᠠ᠂ ᠠᠵᠤ ᠦᠶᠯᠡᠰ《 ᠭᠤᠷᠪᠠ ᠶᠢ ᠦᠷᠭᠦᠯᠵᠢᠯᠡᠬᠦ》 ᠶᠢ ᠪᠡᠶᠡᠯᠡᠭᠦᠯᠵᠦ᠂ ᠳᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠶᠢ ᠪᠥᠬᠦ ᠲᠠᠯ᠎ᠠ ᠪᠠᠷ ᠰᠡᠷᠭᠡᠶᠢᠯᠡᠨ᠎ᠡ᠃ 1 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠠᠵᠤ ᠦᠢᠯᠡᠰ ᠢ ᠬᠥᠭᠵᠢᠭᠦᠯᠬᠦ 26 ᠲᠥᠷᠦᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠲᠣᠭᠲᠠᠭᠤᠨ ᠪᠢᠰᠢ ᠡᠷᠦᠬᠡ᠂ ᠠᠮᠠᠷᠬᠠᠨ ᠶᠠᠳᠠᠭᠤᠷᠠᠬᠤ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ︔ 2054 ᠲᠦᠮᠡᠨ ᠲᠥᠭᠦᠷᠢᠭ ᠪᠡᠯᠡ ᠣᠷᠣᠭᠤᠯᠤᠨ᠂ 7 ᠨᠡᠶᠢᠲᠡ ᠶᠢᠨ ᠠᠰᠠᠷᠠᠮᠵᠢ ᠶᠢᠨ ᠲᠥᠷᠦᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠴᠠᠭ᠎ᠠ ᠲᠣᠰᠬᠤᠨ ᠤ ᠵᠠᠮ᠂ ᠲᠣᠰᠬᠤᠨ ᠢ ᠬᠠᠮᠠᠭᠠᠯᠠᠬᠤ ᠬᠠᠰᠢᠯᠭ᠎ᠠ ᠵᠡᠷᠭᠡ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ《 ᠪᠠᠶᠢᠬᠤ 》ᠪᠠᠶᠢᠭᠰᠠᠨ ᠠᠴᠠ《 ᠰᠠᠶᠢᠨ 》ᠲᠡᠰᠢ ᠪᠣᠯᠭᠠᠨ ᠬᠤᠪᠢᠷᠠᠭᠤᠯᠤᠨ᠎ᠠ᠃ 714 ᠡᠷᠦᠬᠡ ᠳᠤ ᠰᠢᠨ᠎ᠡ ᠪᠠᠷ ᠵᠣᠷᠯᠣᠩ ᠪᠠᠶᠢᠭᠤᠯᠵᠤ᠂ 88 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 13 ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 1.1 ᠲᠦᠮᠡᠨ ᠬᠥᠮᠦᠨ ᠤ ᠠᠶᠤᠯᠭᠦᠢ ᠤᠰᠤ ᠬᠡᠷᠡᠭᠯᠡᠬᠦ ᠶᠢ ᠪᠠᠲᠣᠯᠠᠨ᠎ᠠ᠃ ᠲᠥᠪ ᠤᠨ ᠤᠬᠠᠭᠤᠯᠬᠤ ᠬᠡᠯᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠴᠠᠭᠠᠨ ᠰᠤᠳᠣᠯᠬᠤ ᠪᠦᠯᠬᠦᠮ ᠲᠠᠢ ᠢᠳᠡᠪᠬᠢᠲᠡᠶ ᠵᠣᠯᠭᠠᠭᠤᠯᠤᠨ ᠲᠠᠪᠴᠠᠩ ᠪᠠᠶᠢᠭᠤᠯᠵᠤ᠂ ᠨᠠᠩ ᠣᠯᠠᠨ ᠲᠥᠷᠥᠯ ᠵᠦᠶᠯ ᠢ ᠤᠯᠤᠰ ᠤᠨ ᠣᠶᠤᠨ ᠤ ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃       ᠲᠠᠷᠢᠶᠠᠯᠠᠩ ᠮᠠᠯ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠰᠠᠭᠤᠷᠢ ᠶᠢ ᠪᠦᠬᠦ ᠬᠦᠴᠦᠨ ᠢᠶᠠᠷ ᠪᠠᠲᠤᠳᠬᠠᠨ᠎ᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠶᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ ᠡᠭᠦᠯᠳᠡᠷ᠂ ᠰᠠᠶᠢᠨ ᠲᠠᠷᠢᠶ᠎ᠠ᠂ ᠰᠠᠶᠢᠨ ᠠᠷᠭ᠎ᠠ᠂ ᠰᠠᠶᠢᠨ ᠮᠠᠰᠢᠨ᠂ ᠰᠠᠶᠢᠨ ᠲᠥᠷᠦ ᠶᠢᠨ ᠪᠤᠳᠣᠯᠭ᠎ᠠ ᠶᠢ ᠠᠭᠤᠰᠣᠯᠴᠠᠨ ᠢᠵᠢ ᠪᠥᠷᠢᠳᠦᠬᠦ ᠶᠢ ᠠᠬᠢᠭᠤᠯᠵᠤ᠂ ᠰᠢᠨᠡᠪᠡᠷ 5 ᠥᠨᠳᠥᠷ ᠦᠷ᠎ᠡ ᠠᠰᠢᠭᠲᠤ ᠲᠦᠮᠡᠨ ᠮᠥ ᠶᠢᠨ ᠵᠠᠯᠭᠠᠯᠳᠤᠭᠰᠠᠨ ᠣᠷᠣᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 20 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠤᠨ᠎ᠠ᠃ ᠭᠤᠣᠯᠳᠠᠭᠤ ᠠᠯᠠᠰᠢᠨ ᠦᠬᠡᠷ᠂ ᠠᠯᠠᠰᠢᠨ ᠬᠤᠨᠢ᠂ ᠴᠠᠭᠠᠨ ᠢᠳᠡᠭᠡᠨ᠂ ᠭᠠᠭ᠋ᠠᠢ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠣᠨᠴᠠᠯᠢᠭᠲᠤ ᠠᠵᠤ ᠠᠬᠤᠢ ᠶᠢᠨ ᠣᠢ ᠵᠢᠮᠢᠰ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠠᠵᠤ ᠦᠢᠯᠡᠰ ᠤᠨ ᠲᠣᠭᠤᠷᠢᠨ ᠳᠤ᠂ ᠣᠯᠠᠨ ᠡᠰᠢᠵᠢᠭᠰᠡᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠣᠷᠣᠨ ᠪᠦᠰᠡ ᠶᠢᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠰᠢᠨᠡᠪᠡᠷ 5 ᠲᠦᠮᠡᠨ ᠮᠦ ᠡᠪᠡᠰᠦ ᠪᠣᠷᠳᠣᠭᠠᠨ ᠤ ᠰᠠᠭᠤᠷᠢᠨ ᠭᠠᠵᠠᠷ  ᠪᠠᠶᠢᠭᠤᠯᠵᠤ᠂ ᠬᠥᠬᠡ ᠳᠠᠷᠤᠰᠢ ᠶᠢᠨ ᠡᠷᠳᠡᠨᠢ ᠰᠢᠰᠢ ᠶᠢ 130 ᠲᠦᠮᠡᠨ ᠮᠥ᠂ ᠪᠣᠷᠳᠣᠭᠠᠨ ᠳᠤ ᠬᠡᠷᠡᠭᠯᠡᠬᠦ ᠨᠣᠬᠠᠶ ᠶᠢᠨ ᠬᠤᠰᠢᠭᠤ 3 ᠲᠦᠮᠡᠨ ᠮᠥ ᠬᠡᠪᠴᠢᠶᠡᠵᠢᠭᠦᠯᠦᠨ ᠳᠠᠷᠢᠵᠤ᠂ 1.5 ᠲᠦᠮᠡᠨ ᠮᠥ ᠬᠤᠨᠢᠨ ᠤ ᠲᠡᠵᠢᠭᠡᠯ ᠡᠪᠡᠰᠦ ᠲᠠᠷᠢᠵᠤ᠂ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠫᠧᠩ ᠰᠠᠷᠠᠪᠴᠢ᠂ ᠵᠣᠭᠤᠷᠢ ᠲᠠᠲᠠᠭᠠᠯ ᠪᠠ ᠮᠠᠰᠢᠨᠴᠢᠯᠠᠯᠲᠠ ᠪᠠᠷ ᠭᠤᠣᠯ ᠪᠣᠯᠭᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠰᠢᠨᠡᠪᠡᠷ ᠪᠠᠷᠢᠮᠵᠢᠶᠠᠵᠢᠭᠰᠠᠨ ᠫᠧᠩ ᠰᠠᠷᠠᠪᠴᠢ 26 ᠲᠦᠮᠡᠨ ᠲᠡᠭᠰᠢ ᠳᠥᠷᠪᠡᠯᠵᠢᠨ ᠮᠧᠲᠷ᠂ ᠬᠥᠬᠡ ᠳᠠᠷᠤᠰᠢ ᠶᠢᠨ ᠵᠣᠭᠤᠷᠢ ᠲᠠᠲᠠᠭᠠᠯ 3 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠭᠤᠯᠵᠤ᠂  ᠲᠡᠵᠢᠭᠡᠪᠦᠷᠢ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠂ ᠠᠮᠢᠲᠠᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠪᠡᠳᠴᠢᠨ ᠬᠢᠵᠢᠭ ᠰᠡᠷᠭᠡᠶᠢᠯᠡᠬᠦ ᠨᠢᠭᠲᠠᠴᠠ ᠶᠢ 100% ᠬᠦᠷᠭᠡᠵᠦ᠂ ᠠᠮᠢ ᠠᠬᠤᠶ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠᠲᠤᠯᠠᠨ᠎ᠠ᠃        ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃《 ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠰᠠᠮᠠᠯ ᠵᠠᠮ 》 ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠯᠦᠪᠧᠢ ᠪᠠᠯᠭᠠᠰᠤᠨ ᠤ ᠠᠮᠠᠰᠠᠷ ᠭᠠᠴᠠᠭ᠎ᠠ ᠠᠴᠠ ᠮᠣᠵᠢ ᠶᠢᠨ ᠵᠠᠮ ᠬᠦᠷᠬᠦ 8.5 ᠺᠢᠯᠦᠮᠧᠲᠷ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠵᠤ᠂ 23 ᠬᠥᠳᠡᠭᠡ ᠲᠣᠰᠬᠤᠨ ᠤ ᠵᠠᠰᠠᠮᠠᠯ ᠵᠠᠮ ᠳᠡᠭᠡᠷ᠎ᠡ ᠠᠮᠤᠷ ᠲᠦᠪᠰᠢᠨ ᠢ ᠬᠠᠮᠠᠭᠠᠯᠠᠬᠤ  ᠢᠨᠵᠧᠨᠧᠷᠢᠩ ᠢ ᠬᠡᠷᠡᠭᠵᠢᠭᠦᠯᠵᠦ᠂ 30 ᠲᠡᠷᠭᠡ ᠬᠦᠯᠢᠶᠡᠬᠦ ᠲᠢᠩᠰᠡ ᠪᠠᠶᠢᠭᠤᠯᠤᠨ᠂ 60 ᠺᠢᠯᠦᠮᠧᠲᠷ ᠲᠣᠰᠬᠤᠨ ᠳᠤ ᠨᠡᠪᠲᠡᠷᠡᠬᠦ ᠱᠦᠢᠨᠢ ᠵᠠᠮ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠪᠦᠬᠦ ᠲᠠᠯ᠎ᠠ  ᠪᠠᠷ ᠰᠠᠶᠢᠵᠢᠷᠠᠭᠤᠯᠤᠨ᠎ᠠ᠃ 258 ᠺᠢᠯᠦᠮᠧᠲᠷ ᠥᠨᠳᠥᠷ ᠳᠣᠣᠷ᠎ᠠ ᠬᠦᠴᠦᠳᠡᠯᠲᠦ ᠴᠠᠬᠢᠯᠭᠠᠨ ᠱᠤᠭᠤᠮ ᠢ ᠥᠭᠡᠷᠡᠴᠢᠯᠡᠵᠦ᠂ 22 ᠭᠠᠴᠠᠭ᠎ᠠ ᠲᠣᠰᠬᠤᠨ ᠤ ᠴᠠᠬᠢᠯᠭᠠᠨ ᠬᠦᠴᠦᠳᠡᠯ ᠳᠣᠣᠷ᠎ᠠ᠂ ᠴᠠᠬᠢᠯᠭᠠᠨ ᠬᠠᠩᠭᠠᠯᠲᠠ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠤᠯᠠᠭᠠᠨᠬᠠᠳᠠ ᠤᠰᠤᠨ ᠴᠥᠭᠦᠷᠥᠮ ᠪᠠ  ᠦᠯᠵᠡᠶᠢᠮᠦ᠋ᠷᠡᠨ ᠤ ᠣᠷᠣᠨ ᠪᠦᠰᠡ ᠶᠢᠨ ᠴᠢᠨᠠᠷᠲᠠᠶ ᠤᠰᠤ ᠬᠠᠩᠭᠠᠬᠤ᠂ ᠰᠢᠶᠣᠤ ᠾᠧ ᠰᠢ ᠤᠰᠤᠨ ᠴᠥᠭᠦᠷᠥᠮ᠂ ᠵᠢᠪᠲᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ  ᠤᠨ ᠬᠠᠩᠭᠠᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠲᠥᠪᠰᠢᠨ᠂ ᠱᠤᠸᠠᠩ ᠯᠦᠩ ᠴᠢᠤᠸᠠᠨ ᠵᠡᠷᠭᠡ 11 ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ  ᠤ ᠬᠡᠪ ᠰᠤᠷᠲᠠᠯ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃      ( ᠳᠥᠷᠪᠡ ) ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠬᠤᠰᠢᠭᠤ ᠴᠠᠷᠠᠭ᠎ᠠ ᠶᠢᠨ ᠣᠷᠣᠨ ᠵᠠᠢ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠪᠠ ᠣᠷᠣᠨ ᠪᠦᠰᠡ ᠠᠭᠤᠰᠤᠯᠴᠠᠭᠰᠠᠨ᠂ ᠠᠵᠢᠯᠯᠠᠵᠤ ᠠᠮᠢᠳᠤᠷᠠᠬᠤ  ᠳᠤ ᠲᠠᠭᠠᠯᠠᠮᠵᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ ᠃      ᠬᠤᠲᠠ ᠪᠠᠯᠭᠠᠰᠤᠨ ᠤ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃《ᠣᠯᠠᠨ ᠲᠥᠯᠥᠪᠵᠢᠭᠦᠯᠭᠡ ᠶᠢ ᠨᠢᠭᠡ ᠪᠣᠯᠭᠠᠬᠤ᠂ ᠣᠯᠠᠨ ᠬᠢᠨᠠᠯᠲᠠ ᠶᠢ ᠨᠢᠭᠡ ᠪᠣᠯᠭᠠᠬᠤ 》 ᠶᠢ ᠪᠠᠷᠢᠮᠲᠠᠯᠠᠵᠤ᠂《ᠨᠢᠭᠡ ᠵᠢᠷᠤᠭ ᠲᠦᠯᠦᠪᠯᠡᠭᠡ》 ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ ᠵᠦᠢᠯ ᠤᠨ ᠭᠠᠵᠠᠷ ᠰᠣᠩᠭᠤᠬᠤ᠂ ᠨᠠᠶᠢᠳᠠᠪᠤᠷᠢᠵᠢᠭᠤᠯᠬᠤ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠨ᠎ᠡ᠃ ᠰᠤᠮᠤ ᠪᠠᠯᠭᠠᠰᠤᠨ ᠤ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ᠂《 ᠬᠤᠲᠠ ᠬᠥᠳᠡᠭᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ  ᠤᠨ ᠲᠥᠯᠥᠪᠵᠢᠭᠦᠯᠪᠡ 》 ᠶᠢ ᠨᠠᠶᠢᠷᠠᠭᠤᠯᠤᠨ ᠲᠣᠭᠲᠠᠭᠠᠬᠤ ᠠᠵᠢᠯ ᠢ ᠡᠬᠢᠯᠡᠭᠦᠯᠵᠦ᠂ ᠬᠤᠲᠠ ᠪᠠᠯᠭᠠᠰᠤᠨ ᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠤᠲᠠ ᠶᠢᠨ ᠲᠡᠭᠦᠷᠭᠡ ᠶᠢᠨ ᠪᠠᠯᠭᠠᠰᠤ᠂ ᠲᠥᠪ ᠪᠠᠯᠭᠠᠰᠤᠨ ᠤ ᠴᠢᠳᠠᠪᠬᠢ ᠬᠠᠷᠢᠯᠴᠠᠨ ᠨᠥᠬᠦᠪᠥᠷᠢᠯᠡᠭᠰᠡᠨ᠂ ᠵᠣᠬᠢᠴᠠᠩᠭᠤᠢ ᠬᠥᠭᠵᠢᠭᠰᠡᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠤᠨ᠎ᠠ᠃      ᠬᠤᠲᠠ ᠪᠠᠯᠭᠠᠰᠤᠨ ᠤ ᠴᠢᠳᠠᠮᠵᠢ ᠢᠵᠢ ᠪᠦᠷᠢᠳᠦᠭᠦᠯᠬᠦ ᠶᠢ ᠠᠬᠢᠭᠤᠯᠣᠨ᠎ᠠ᠃ ᠭᠤᠣᠯ ᠬᠤᠲᠠ ᠲᠣᠭᠤᠷᠢᠭ ᠢ ᠰᠢᠨᠡᠳᠬᠡᠬᠦ ᠠᠵᠢᠯᠯᠠᠭ᠎ᠠ ᠶᠢ ᠥᠷᠨᠢᠭᠦᠯᠦᠨ᠂ ᠤᠰᠤ ᠬᠠᠩᠭᠠᠬᠤ᠂ ᠢᠯᠴᠢ ᠬᠠᠩᠭᠠᠬᠤ᠂ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 15.7 ᠺᠢᠯᠦᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠨ᠎ᠠ᠂ ᠯᠦᠪᠸᠢ ᠠᠵᠤ ᠦᠢᠯᠡᠰ ᠤᠨ ᠲᠣᠭᠤᠷᠢᠭ ᠤᠨ ᠤᠰᠤ ᠬᠠᠩᠭᠠᠬᠤ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠤᠨ᠂ ᠭᠤᠣᠯ ᠬᠤᠲᠠ ᠲᠣᠭᠤᠷᠢᠭ ᠤᠨ ᠢᠯᠴᠢ ᠬᠠᠩᠭᠠᠬᠤ ᠲᠠᠯᠠᠪᠠᠢ ᠶᠢ 540 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠬᠦᠷᠭᠡᠵᠦ᠂ᠡᠳᠦᠷ ᠲᠤ 150 ᠲᠣᠨ ᠬᠤᠭ ᠨᠣᠪᠰᠢ ᠰᠢᠢᠳᠪᠦᠷᠢᠯᠡᠬᠦ ᠴᠢᠳᠠᠪᠤᠷᠢ ᠲᠠᠢ ᠦᠢᠯᠡᠳᠪᠦᠷᠢ ᠶᠢ ᠰᠢᠨ᠎ᠡ ᠪᠠᠷ  ᠪᠠᠶᠢᠭᠤᠯᠣᠨ᠎ᠠ︔ ᠬᠤᠸᠠᠩ ᠱᠠᠨ ᠵᠡᠭᠡᠯᠢ ᠶᠢᠨ ᠵᠡᠭᠦᠨ ᠭᠠᠷᠬᠤ ᠵᠠᠮ ᠠᠴᠠ ᠲᠦᠷᠭᠡᠨ ᠬᠤᠷᠳᠣᠴᠠᠲᠤ ᠵᠠᠰᠠᠮᠠᠯ ᠵᠠᠮ ᠬᠦᠷᠬᠦ ᠬᠡᠰᠡᠭ ᠢ ᠦᠭᠡᠷᠡᠴᠢᠯᠡᠵᠦ᠂ ᠯᠦᠪᠸᠢ ᠭᠤᠣᠯ ᠤᠨ ᠶᠡᠭᠡ ᠬᠥᠭᠦᠷᠭᠡ᠂ ᠦᠯᠢᠭᠡᠷ ᠶᠡᠭᠡ ᠬᠥᠭᠦᠷᠭᠡ  ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠬᠦ ᠶᠢ ᠪᠠᠲᠤᠯᠠᠨ᠎ᠠ︔ ᠵᠦᠩ ᠬᠤᠸᠠ ᠠᠭᠤᠳᠠᠮ ᠲᠠᠯᠠᠪᠠᠢ ᠳᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠭᠠᠷᠭᠠᠬᠤ ᠶᠢ ᠠᠬᠢᠭᠤᠯᠵᠤ᠂ ᠫᠣᠤ ᠲᠠᠢ ᠱᠠᠨ ᠴᠡᠴᠡᠷᠯᠢᠭ ᠤᠨ ᠪᠡᠶ᠎ᠡ ᠴᠢᠬᠢᠷᠠᠭᠵᠢᠭᠤᠯᠬᠤ ᠶᠠᠪᠠᠭᠠᠨ ᠵᠠᠮ ᠢ  ᠳᠡᠰ ᠳᠡᠪᠰᠢᠭᠦᠯᠬᠦ ᠪᠠ ᠯᠦᠪᠸᠢ ᠭᠤᠣᠯ ᠤᠨ ᠬᠤᠲᠠ ᠶᠢᠨ ᠬᠡᠰᠡᠭ ᠤᠨ ᠤᠰᠤᠨ ᠤ ᠦᠵᠡᠮᠵᠢ ᠶᠢ ᠰᠣᠨᠢᠷᠬᠠᠬᠤ ᠢᠨᠵᠧᠨᠧᠷᠢᠩ ᠢ ᠬᠡᠷᠡᠭᠵᠢᠭᠦᠯᠵᠦ᠂ ᠭᠤᠣᠯ ᠬᠤᠲᠠ ᠶᠢᠨ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠪᠦᠬᠦ ᠲᠠᠯ᠎ᠠ ᠪᠠᠷ ᠴᠢᠩᠭᠠᠳᠬᠠᠨ᠎ᠠ︔ ᠦᠷᠭᠦᠯᠵᠢᠯᠡᠨ ᠭᠡᠷ ᠪᠠᠶᠢᠰᠢᠩ ᠭᠠᠵᠠᠷ ᠬᠦᠷᠦᠩᠭᠡ ᠶᠢ ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠵᠢᠷᠣᠮᠵᠢᠭᠤᠯᠵᠤ᠂ 4 ᠬᠠᠭᠤᠴᠢᠨ ᠰᠠᠭᠤᠭᠠᠯᠢ ᠲᠣᠭᠤᠷᠢᠭ᠂ 3 ᠪᠦᠷᠭᠡ ᠭᠡᠷ ᠣᠷᠣᠨ ᠢ ᠥᠭᠡᠷᠡᠴᠢᠯᠡᠨ ᠰᠢᠨᠡᠳᠭᠡᠵᠦ ᠨᠡᠶᠢᠯᠡᠭᠦᠯᠦᠨ ᠨᠡᠭᠡᠭᠡᠨ ᠬᠦᠭᠵᠢᠭᠦᠯᠬᠦ ᠶᠢ ᠠᠬᠢᠭᠤᠯᠵᠤ᠂ ᠰᠢᠨᠡᠪᠡᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠦᠭᠵᠢᠬᠦᠯᠬᠦ ᠲᠠᠯᠠᠪᠠᠢ ᠶᠢ 30 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠬᠦᠷᠭᠡᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶ᠎ᠡ ᠴᠠᠷ᠎ᠠ  ᠳᠠᠬᠢ《 ᠭᠤᠷᠪᠠᠨ ᠬᠦᠴᠢᠷ》ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ 5G ᠶᠢᠨ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠢᠩᠭᠠᠨ ᠮᠧᠭ᠎ᠠ ᠶᠢᠨ ᠭᠡᠷᠡᠯᠲᠦ ᠰᠢᠷᠬᠢᠭ ᠤᠨ ᠰᠦᠯᠵᠢᠶ᠎ᠡ ᠨᠡᠪᠲᠡᠷᠡᠬᠦ  ᠶᠢ ᠴᠢᠩᠭᠠᠳᠬᠠᠨ᠂《ᠣᠶᠤᠨᠴᠢ ᠷᠠᠳᠢᠣ᠋ ᠲᠧᠯᠸᠢᠰ 》ᠥᠷᠭᠡᠨ ᠪᠦᠰᠡᠲᠦ ᠰᠦᠯᠵᠢᠶ᠎ᠡ ᠪᠦᠷᠬᠦᠬᠦ ᠶᠢ ᠪᠡᠶᠡᠯᠡᠭᠦᠯᠦᠨ᠎ᠡ᠃        ᠬᠤᠲᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ᠃ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠯᠲᠠ ᠪᠠᠨ ᠴᠢᠩᠳᠠᠯᠠᠵᠤ᠂ ᠬᠤᠪᠢ ᠪᠠᠷ ᠢᠶᠠᠨ ᠪᠣᠰᠬᠠᠵᠤ ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ᠂ ᠣᠯᠠᠨ ᠨᠡᠶᠢᠲᠡ ᠶᠢᠨ ᠣᠷᠣᠨ ᠵᠠᠢ ᠶᠢ ᠡᠵᠡᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠨ ᠪᠠᠶᠢᠭᠤᠯᠣᠭᠰᠠᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠬᠤᠷᠢᠭᠯᠠᠨ ᠪᠠᠶᠢᠴᠠᠭᠠᠨ ᠰᠢᠢᠳᠪᠦᠷᠢᠯᠡᠨ᠎ᠡ᠃ ᠬᠤᠲᠠ ᠶᠢᠨ ᠳᠦᠷᠢ ᠲᠥᠷᠬᠦ  ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠠᠷ ᠮᠡᠳᠡᠭᠡ ᠫᠠᠶᠢᠰᠠ ᠢᠯᠡᠷᠬᠡᠶᠢᠯᠡᠯ᠂ ᠠᠰᠠᠷ ᠲᠠᠭᠲᠤ  ᠶᠢᠨ ᠲᠡᠬᠦᠵᠢᠯᠡᠭᠡ ᠤᠲᠠᠰᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠶᠢ ᠵᠡᠷᠭᠡ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠭᠤᠣᠯ ᠬᠤᠲᠠ ᠲᠣᠭᠤᠷᠢᠭ ᠬᠢᠭᠡᠳ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠤᠨ ᠬᠠᠮᠠᠭᠠᠯᠠᠬᠤ ᠶᠢ ᠰᠦᠪᠡᠭᠴᠢᠯᠡᠨ ᠠᠬᠢᠭᠤᠯᠵᠤ᠂ ᠴᠡᠴᠡᠷᠯᠢᠭ ᠢ ᠬᠠᠮᠢᠶᠠᠷᠴᠤ ᠬᠠᠮᠠᠭᠠᠯᠠᠬᠤ ᠠᠵᠢᠯ ᠪᠠ ᠠᠷᠢᠭᠤᠨ ᠴᠡᠪᠡᠷ ᠪᠠᠶᠢᠯᠭᠠᠬᠤ ᠠᠵᠢᠯ ᠢ ᠵᠠᠪᠰᠠᠷ ᠦᠭᠡᠶ ᠵᠣᠯᠭᠠᠭᠤᠯᠵᠤ᠂《 ᠬᠤᠭ ᠨᠣᠪᠰᠢ ᠬᠤᠲᠠ ᠶᠢ ᠪᠦᠰᠡᠯᠡᠭᠰᠡᠨ 》ᠠᠰᠠᠭᠤᠳᠠᠯ ᠢ ᠠᠯᠬᠤᠮ ᠠᠯᠬᠤᠮ ᠢᠶᠠᠷ ᠦᠨᠳᠦᠰᠦᠨ ᠠᠴᠠ ᠨᠢ ᠵᠠᠰᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠠᠳᠠᠯ ᠠᠬᠤᠶ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠪᠣᠶ ᠪᠥᠬᠦᠶ ᠬᠠᠮᠢᠶᠠᠷᠣᠯᠲᠠ ᠪᠠᠨ ᠠᠯᠳᠠᠭᠰᠠᠨ ᠵᠢᠵᠢᠭ ᠲᠣᠭᠤᠷᠢᠭ᠂ ᠭᠠᠭᠴᠠ ᠠᠰᠠᠷ ᠤᠨ ᠠᠳᠠᠯ ᠠᠬᠤᠶ ᠶᠢ ᠬᠠᠮᠢᠶᠠᠷᠬᠤ ᠬᠥᠮᠦᠨ ᠪᠠᠶᠢᠬᠤ᠂ ᠦᠶᠯᠡᠴᠢᠯᠡᠭᠡᠨ ᠪᠣᠲᠠᠲᠠᠢ ᠪᠠᠶᠢᠬᠤ ᠶᠢ ᠦᠨᠡᠨᠬᠦ ᠪᠠᠲᠤᠯᠠᠨ᠎ᠠ ᠃      ( ᠲᠠᠪᠤ ) ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠳᠠᠬᠢᠨᠲᠠ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠶᠯᠡᠴᠢᠯᠡᠵᠦ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠤᠯᠬᠤ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠤᠯᠬᠤ᠂ ᠨᠡᠭᠡᠭᠡᠯᠲᠡ ᠠᠴᠠ ᠠᠰᠢᠭ ᠤᠯᠬᠤ ᠶᠢ ᠪᠠᠷᠢᠮᠲᠠᠯᠠᠵᠤ᠂ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢᠶᠠᠨ ᠲᠠᠰᠤᠷᠠᠯᠲᠠ ᠥᠬᠡᠶ ᠪᠠᠳᠠᠷᠠᠭᠤᠯᠣᠨ᠎ᠠ᠃      ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃《 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ ᠤ ᠠᠵᠢᠯᠯᠠᠭ᠎ᠠ 》ᠥᠷᠨᠢᠭᠦᠯᠵᠦ᠂《ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠠᠳᠠᠯᠢ ᠪᠤᠰᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠥᠨᠳᠡᠯᠡᠨ ᠢᠶᠠᠷ ᠭᠦᠢᠴᠡᠳᠭᠡᠬᠦ ᠴᠤᠪᠤᠷᠠᠯ ᠢ ᠡᠭᠦᠳᠴᠦ᠂ ᠨᠢᠭᠤᠴᠠ ᠲᠠᠢ ᠬᠤᠯᠪᠣᠭᠳᠠᠬᠤ ᠦᠭᠡᠢ ᠲᠤᠭ᠎ᠠ ᠪᠠᠷᠢᠮᠲᠠ ᠶᠢ ᠬᠠᠮᠲᠤ  ᠳᠤ ᠪᠠᠷ ᠭᠥᠷᠳᠡᠵᠦ ᠬᠠᠮᠲᠤ ᠳᠤ ᠪᠠᠷ ᠬᠡᠷᠡᠭᠯᠡᠬᠦ ᠶᠢ ᠪᠡᠶᠡᠯᠡᠭᠦᠯᠦᠨ᠂ ᠡᠯᠧᠺᠲᠷᠣᠨ ᠭᠡᠷᠡᠴᠢ ᠦᠨᠡᠮᠯᠡᠯ᠂ ᠡᠯᠧᠺᠲᠷᠣᠨ ᠲᠠᠮᠠᠭ᠎ᠠ ᠱᠣᠱᠢᠭ᠎ᠠ ᠶᠢᠨ ᠬᠡᠷᠡᠭᠯᠡᠭᠡᠨ ᠤ ᠳᠠᠪᠲᠠᠮᠵᠢ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠤᠭᠴᠤᠭ᠎ᠠ ᠳᠤ ᠵᠠᠰᠠᠭ ᠵᠠᠬᠢᠷᠭᠠᠨ ᠠᠵᠢᠯ ᠦᠢᠯᠡᠰ ᠤᠨ ᠵᠠᠷᠤᠳᠠᠯ《 ᠦᠯᠦ ᠬᠤᠷᠢᠶᠠᠬᠤ 》᠂ ᠲᠣᠮᠣ ᠬᠡᠷᠡᠭᠯᠡᠭᠴᠢᠳ ᠰᠢᠭᠤᠳ ᠴᠠᠬᠢᠯᠭᠠᠨ ᠬᠤᠳᠠᠯᠳᠤᠨ ᠠᠪᠬᠤ ᠤᠰᠤ ᠬᠡᠷᠡᠭᠯᠡᠬᠦ ᠳᠤ ᠰᠢᠭᠤᠳ ᠬᠠᠩᠭᠠᠬᠤ ᠵᠡᠷᠭᠡ ᠰᠢᠷᠢᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ  ᠤᠨ ᠴᠢᠬᠤᠯᠠ ᠵᠦᠢᠯ ᠥᠪᠡᠷ ᠤᠨ ᠥᠷᠲᠡᠭ᠂ ᠭᠠᠶᠢᠯᠢ ᠰᠦᠢᠳᠬᠡᠯ ᠤᠨ ᠳᠠᠷᠤᠭᠠᠰᠤ ᠶᠢ ᠦᠨᠡᠨᠬᠦ ᠬᠦᠩᠭᠡᠯᠡᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠲᠠᠪᠴᠠᠩ ᠢ ᠬᠢᠨᠠᠨ ᠵᠥᠪᠰᠢᠶᠡᠷᠡᠬᠦ ᠬᠡᠰᠡᠭ ᠲᠠᠢ ᠵᠡᠷᠭᠡᠴᠡᠭᠦᠯᠦᠨ ᠪᠥᠬᠦ ᠲᠠᠯ᠎ᠠ ᠪᠠᠷ ᠬᠡᠷᠡᠭᠯᠡᠵᠦ᠂ ᠦᠨᠡᠯᠡᠬᠦ ᠪᠠ ᠲᠣᠭᠲᠠᠭᠠᠬᠤ ᠶᠢ ᠰᠠᠯᠭᠠᠬᠤ᠂ ᠠᠮᠠᠯᠠᠯᠲᠠ ᠪᠠᠶᠢᠪᠠᠯ ᠳᠠᠷᠤᠶ ᠳᠤᠨᠢ ᠭᠦᠶᠴᠡᠳᠬᠡᠬᠦ᠂ ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠪᠠᠶᠢᠴᠠᠭᠠᠬᠤ ᠲᠦᠷᠢᠮ ᠢ ᠬᠡᠷᠡᠭᠵᠢᠭᠦᠯᠦᠨ᠂ ᠠᠵᠤ ᠠᠬᠤᠶᠢᠯᠠᠯ ᠡᠷᠬᠢᠯᠡᠨ ᠭᠦᠶᠴᠡᠳᠬᠡᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡᠳᠬᠡᠬᠦ᠂ ᠤᠯᠠᠮᠵᠢᠯᠠᠯ ᠪᠠ ᠣᠶᠣᠨᠴᠢ ᠭᠦᠢᠴᠡᠳᠭᠡᠬᠦ ᠶᠢ ᠵᠡᠷᠭᠡ ᠪᠠᠷ ᠶᠠᠪᠤᠭᠳᠠᠭᠤᠯᠬᠤ ᠶᠢ ᠪᠡᠶᠡᠯᠡᠭᠦᠯᠵᠦ᠂《 ᠮᠤᠵᠢ ᠠᠯᠤᠰᠯᠠᠨ ᠨᠡᠶᠢᠳᠡᠮ ᠭᠦᠶᠴᠡᠳᠬᠡᠬᠦ 》ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠣᠨᠳᠣᠤ ᠭᠠᠵᠠᠷ ᠲᠤ ᠬᠡᠰᠡᠨ ᠴᠤ ᠠᠵᠢᠯ ᠶᠠᠪᠤᠳᠠᠯ ᠭᠦᠶᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃《 12345 》ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ ᠶᠢ ᠭᠦᠶᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂《 ᠭᠤᠷᠪᠠᠨ ᠨᠣᠷᠮ᠎ᠠ 》 ᠶᠢ ᠪᠦᠲᠦᠮᠵᠢᠲᠡᠶ ᠳᠡᠭᠡᠭᠰᠢᠯᠡᠵᠦ᠂ ᠣᠯᠠᠨ ᠲᠦᠮᠡᠨ ᠤ ᠳᠡᠷᠭᠡᠳᠡᠬᠢ ᠶᠠᠪᠤᠳᠠᠯ᠂ ᠠᠵᠤ ᠠᠬᠤᠶᠢᠯᠠᠯ ᠤᠨ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠨ᠎ᠡ᠃      ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠭᠤᠷᠪᠠᠨ ᠵᠢᠯ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠳᠦᠷᠢᠮ ᠪᠠ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠰᠢᠭᠤ ᠲᠣᠰ ᠱᠠᠲᠤᠨ ᠤ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢ ᠳᠦᠷᠢᠮᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠦᠷ᠎ᠡ ᠪᠦᠲᠦᠮᠵᠢ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ  ᠪᠠᠶᠢᠭᠤᠯᠵᠤ᠂ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠡᠮᠵᠢᠵᠦ᠂ ᠪᠠᠯᠠ ᠣᠷᠣᠭᠤᠯᠵᠤ ᠪᠠᠯᠠ ᠲᠣᠬᠢᠷᠠᠭᠤᠯᠬᠤ ᠴᠢᠳᠠᠪᠤᠷᠢ ᠶᠢ ᠲᠠᠰᠣᠷᠠᠯᠲᠠ ᠦᠭᠡᠢ ᠴᠢᠩᠭᠠᠷᠠᠭᠤᠯᠤᠨ᠎ᠠ ᠃ ᠭᠤᠤᠯᠴᠢ ᠪᠠᠷ ᠦᠷᠢᠰᠦᠯᠳᠦᠬᠦ ᠬᠢᠨᠠᠨ ᠪᠠᠶᠢᠴᠠᠭᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ  ᠤᠨ ᠡᠮᠬᠢ ᠳᠢᠭᠯᠢᠮ ᠢ ᠦᠨᠡᠨᠬᠦ ᠬᠠᠮᠠᠭᠠᠯᠠᠨ᠎ᠠ᠃《 ᠴᠠᠬᠢᠯᠭᠠᠨ ᠢᠶᠠᠷ ᠤᠰᠤ ᠶᠢ ᠪᠤᠳᠤᠬᠤ 》ᠲᠥᠰᠦᠯ ᠢ ᠬᠡᠷᠡᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠠᠵᠤ ᠠᠬᠤᠶ ᠪᠣᠯᠤᠨ ᠠᠮᠢ ᠠᠬᠤᠶ ᠶᠢᠨ ᠪᠣᠯᠪᠠᠰᠤᠨ᠂ ᠨᠡᠶᠢᠭᠡᠮ ᠤᠨ  ᠪᠠᠶᠢᠭᠤᠯᠣᠮᠵᠢ ᠵᠡᠷᠭᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ ᠲᠦᠩᠯᠢᠶᠣᠤ ᠤᠯᠠᠭᠠᠨᠬᠠᠳᠠ《 ᠬᠤᠤᠰ ᠣᠳᠣᠨ ᠣᠷᠣᠨ》 ᠤ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ ᠬᠥᠭᠵᠢᠯᠲᠡ ᠶᠢᠨ ᠲᠠᠯ᠎ᠠ ᠪᠠᠷ《 ᠪᠡᠭᠡᠵᠢᠩ ᠲᠢᠶᠠᠨᠵᠢᠨ ᠾᠧᠪᠧᠶ 》ᠪᠠ ᠵᠡᠭᠦᠨ ᠬᠤᠶᠢᠲᠤ ᠣᠷᠣᠨ ᠳᠤ ᠰᠢᠨ᠎ᠡ ᠰᠢᠪᠲᠤᠯᠤᠯᠲᠠ ᠲᠠᠢ ᠪᠣᠯᠣᠨ᠎ᠠ᠃       ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ ᠰᠢᠨᠵᠢᠯᠡᠭᠡ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠷᠪᠠᠨ ᠵᠢᠯ ᠤᠨ  ᠰᠢᠪᠳᠣᠯᠣᠯᠲᠠ ᠪᠠ ᠥᠪᠡᠷᠲᠡᠭᠡᠨ ᠵᠠᠰᠠᠬᠤ ᠣᠷᠣᠨ ᠤ《 ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠪᠠᠶ ᠱᠦᠨ ᠦᠬᠡᠷ ᠪᠣᠷᠳᠣᠬᠤ᠂ ᠴᠤᠤ ᠶᠢᠨ ᠰᠢᠨ᠎ᠡ ᠮᠠᠲ᠋ᠧᠷᠢᠶᠠᠯ ᠵᠡᠷᠭᠡ 7 ᠠᠵᠤ ᠠᠬᠤᠶᠢᠯᠠᠯ ᠬᠢᠭᠡᠳ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠣᠳᠣᠯᠭᠠᠨ ᠤ ᠭᠠᠵᠠᠷ᠂ ᠳ᠋ᠠᠯᠢᠶᠠᠨ ᠤ ᠵᠠᠮ ᠬᠠᠷᠢᠯᠴᠠᠭᠠᠨ  ᠤ ᠶᠡᠭᠡ ᠰᠤᠷᠭᠠᠭᠤᠯᠢ ᠵᠡᠷᠭᠡ  ᠰᠢᠨᠵᠢᠯᠡᠭᠡ ᠰᠤᠳᠤᠯᠭᠠᠨ ᠤ ᠬᠦᠷᠢᠶᠡᠯᠡᠩ ᠭᠠᠵᠠᠷ ᠵᠢᠴᠢ ᠶᠡᠭᠡ ᠳᠡᠭᠡᠳᠦ ᠰᠤᠷᠭᠠᠭᠤᠯᠢ  ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠯᠠᠰᠢᠨ ᠦᠬᠡᠷ᠂ ᠬᠥᠩᠭᠡᠨ ᠴᠠᠭᠠᠨ ᠤ ᠰᠢᠨ᠎ᠡ ᠮᠠᠲ᠋ᠧᠷᠢᠶᠠᠯ  ᠤᠨ ᠠᠵᠤ ᠦᠶᠯᠡᠰ ᠤᠨ ᠬᠥᠭᠵᠢᠯᠲᠡ ᠶᠢᠨ ᠲᠠᠯ᠎ᠠ ᠪᠠᠷ ᠰᠢᠪᠳᠣᠯᠣᠯᠲᠠ ᠲᠠᠢ ᠪᠣᠯᠵᠤ᠂ ᠦᠶᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠪᠠ ᠬᠤᠲᠠ ᠶᠢᠨ ᠱᠠᠲᠤᠨ ᠤ ᠰᠤᠳᠤᠯᠤᠨ ᠨᠡᠭᠡᠭᠡᠬᠦ ᠠᠵᠤ ᠠᠬᠤᠶᠢᠯᠠᠯ ᠢᠶᠠᠷ ᠢᠳᠡᠪᠬᠢᠲᠡᠶ ᠵᠣᠬᠢᠶᠠᠨ ᠪᠠᠶᠢᠭᠤᠯᠤᠨ ᠮᠡᠳᠡᠭᠦᠯᠵᠦ᠂ ᠦᠷ᠎ᠡ ᠪᠦᠲᠦᠭᠡᠯ ᠢᠶᠠᠨ ᠬᠤᠪᠢᠷᠠᠭᠤᠯᠬᠤ ᠪᠠ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠲᠦᠭᠡᠨ ᠪᠠᠶᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠳᠠᠪᠤᠷᠢᠲᠠᠨ ᠣᠷᠢᠵᠤ ᠬᠦᠮᠦᠵᠢᠭᠦᠯᠬᠦ ᠲᠣᠭᠲᠠᠴᠠ ᠶᠢ ᠪᠦᠷᠢᠨᠰᠢᠭᠦᠯᠵᠦ᠂《 ᠳᠡᠭᠡᠳᠦ ᠨᠠᠷᠢᠯᠢᠭ ᠦᠵᠦᠭᠦᠷ ᠴᠣᠬᠠᠭ 》ᠴᠢᠳᠠᠪᠤᠷᠢᠲᠠᠨ ᠪᠣᠯᠤᠨ ᠳᠡᠭᠡᠳᠦ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠢᠳᠡᠪᠬᠢᠲᠡᠶ ᠣᠷᠢᠨ᠎ᠠ᠂ ᠵᠢᠯ ᠳᠤ 200 ᠠᠴᠠ ᠳᠡᠭᠡᠭᠰᠢ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠢᠵᠤ ᠠᠪᠴᠢᠷᠠᠬᠤ ᠪᠠᠷ ᠴᠢᠷᠮᠠᠶᠢᠨ᠎ᠠ᠃ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠲᠦᠷᠢᠮ ᠢ ᠲᠡᠭᠦᠯᠳᠡᠷᠵᠢᠭᠦᠯᠵᠦ᠂ ᠰᠢᠨᠵᠢᠯᠡᠭᠡ ᠮᠡᠷᠭᠡᠵᠢᠯ ᠤᠨ ᠠᠵᠢᠯᠲᠠᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠯᠡᠴᠢᠯᠡᠭᠡ ᠬᠢᠬᠦ ᠶᠢ ᠬᠥᠲᠥᠯᠥᠨ ᠵᠢᠯᠣᠭᠤᠳᠴᠤ ᠵᠣᠷᠢᠭᠵᠢᠭᠤᠯᠤᠨ᠂ ᠵᠢᠯ ᠳᠤ 5 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠪᠣᠯᠪᠠᠰᠤᠷᠠᠭᠤᠯᠵᠤ᠂ ᠪᠥᠬᠦ ᠠᠷᠠᠳ ᠤᠨ ᠰᠢᠨᠵᠢᠯᠡᠭᠡ ᠮᠡᠷᠭᠡᠵᠢᠯ ᠤᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃        ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠶᠯᠭᠡᠭᠡᠨ ᠤ ᠦᠢᠯᠡᠳᠭᠦᠨ ᠤ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ᠪᠠᠩᠬᠢ ᠠᠵᠤ ᠠᠬᠤᠶᠢᠯᠠᠯ《 ᠬᠤᠤᠰ ᠴᠢᠭᠯᠡᠯ  ᠤᠨ ᠲᠠᠨᠢᠯᠴᠠᠭᠤᠯᠬᠤ 》ᠲᠠᠪᠴᠠᠩ ᠢ ᠰᠢᠯᠢᠳᠡᠭᠵᠢᠭᠦᠯᠦᠨ᠂《 ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ 》ᠲᠠᠪᠴᠠᠩ ᠤᠨ ᠰᠦᠯᠵᠢᠶᠡᠨ ᠳᠡᠭᠡᠷ᠎ᠡ ᠪᠠᠯᠠ ᠲᠣᠬᠢᠷᠠᠭᠤᠯᠭ᠎ᠠ ᠬᠢᠬᠦ ᠲᠤᠬᠠᠶᠢᠯᠠᠭᠰᠠᠨ ᠠᠵᠢᠯ ᠢ ᠳᠡᠯᠭᠡᠷᠡᠭᠦᠯᠵᠦ᠂ ᠵᠠᠰᠠᠭ ᠤᠨ ᠣᠷᠳᠣᠨ ᠤ ᠴᠢᠨᠠᠷᠲᠠᠶ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠬᠤᠪᠢ ᠶᠢᠨ ᠡᠵᠡᠩᠨᠡᠯᠲᠡ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ《 ᠠᠩᠬᠠᠨ ᠤ ᠵᠢᠭᠡᠯᠡᠯᠭᠡ ᠣᠯᠬᠤ ᠨᠣᠷᠮ᠎ᠠ 》 ᠶᠢ ᠳᠡᠭᠡᠭᠰᠢᠯᠡᠭᠦᠯᠦᠨ᠎ᠡ᠃《 ᠳᠠᠬᠢᠨ ᠵᠢᠭᠡᠯᠡᠯᠭᠡ ᠠᠪᠬᠤ + 》ᠵᠢᠱᠢᠶ᠎ᠡ ᠦᠵᠡᠭᠦᠯᠬᠦ ᠰᠠᠭᠤᠷᠢᠨ ᠭᠠᠵᠠᠷ  ᠤᠨ ᠪᠠᠶᠢᠭᠤᠯᠤᠯᠲᠠ ᠶᠢ ᠠᠬᠢᠭᠤᠯᠵᠤ᠂ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ  ᠮᠠᠯᠴᠢᠨ ᠲᠠᠷᠢᠶᠠᠴᠢᠨ ᠡᠷᠦᠬᠡ ᠶᠢᠨ ᠠᠯᠠᠰᠢᠨ ᠦᠬᠡᠷ ᠠᠯᠠᠰᠢᠨ ᠬᠤᠨᠢᠨ ᠤ ᠠᠵᠤ ᠦᠶᠯᠡᠰ ᠢ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠡᠮᠬᠢ ᠵᠢᠷᠤᠮ ᠢ ᠬᠠᠮᠠᠭᠠᠯᠠᠨ᠎ᠠ᠃ ᠡᠷᠡᠭᠦᠯ ᠪᠤᠰᠤ ᠵᠢᠭᠡᠯᠡᠯᠭᠡ ᠶᠢ ᠲᠣᠬᠢᠲᠠᠶ ᠰᠢᠶᠳᠪᠦᠷᠢᠯᠡᠵᠦ᠂ ᠥᠷᠢ ᠭᠠᠷᠭᠠᠬᠤ ᠪᠠᠯᠠ ᠲᠣᠬᠢᠷᠠᠭᠤᠯᠬᠤ ᠠᠵᠢᠯᠯᠠᠭ᠎ᠠ ᠶᠢ ᠵᠢᠷᠤᠮᠵᠢᠭᠤᠯᠤᠨ᠂ ᠮᠥᠩᠭᠦᠨ ᠭᠦᠶᠯᠭᠡᠭᠡᠨ ᠤ ᠲᠦᠭᠰᠢᠭᠦᠷᠢ ᠡᠭᠦᠰᠬᠦ ᠶᠢ ᠡᠷᠡᠰ ᠰᠡᠷᠭᠡᠶᠢᠯᠡᠨ᠎ᠡ ᠃      ( ᠵᠢᠷᠭᠤᠭ᠎ᠠ ) ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ ᠰᠢᠨ᠎ᠡ ᠭᠡᠷ ᠣᠷᠣᠨ ᠢᠶᠠᠨ ᠪᠦᠲᠦᠭᠡᠨ ᠪᠠᠶᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠠᠷᠠᠳ ᠣᠯᠠᠨ  ᠳᠤ ᠠᠮᠢ ᠠᠬᠤᠶ ᠣᠷᠴᠢᠨ ᠲᠣᠭᠤᠷᠢᠨ ᠰᠠᠶᠢᠵᠢᠷᠠᠭᠰᠠᠨ ᠢ ᠦᠨᠡᠨ ᠬᠦ ᠮᠡᠳᠡᠷᠡᠭᠦᠯᠦᠨ᠎ᠡ᠃       ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂《 ᠭᠤᠷᠪᠠᠨ ᠱᠤᠭᠤᠮ ᠨᠢᠭᠡ ᠳᠠᠩᠰᠠ 》 ᠪᠠᠷ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠠᠮᠢ ᠠᠬᠤᠢ ᠶᠢᠨ ᠬᠠᠮᠠᠭᠠᠯᠠᠯᠲᠠ  ᠶᠢᠨ ᠤᠯᠠᠭᠠᠨ ᠱᠤᠭᠤᠮ ᠢ ᠡᠷᠡᠰ ᠰᠠᠬᠢᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ  ᠢ ᠪᠦᠬᠦ ᠬᠦᠴᠦᠨ ᠢᠶᠠᠷ ᠠᠬᠢᠭᠤᠯᠵᠤ᠂ 2 ᠲᠦᠮᠡᠨ ᠮᠦ ᠠᠮᠢ ᠠᠬᠤᠢ ᠶᠢᠨ ᠬᠤᠩᠭᠢᠯ᠂ 5 ᠲᠦᠮᠡᠨ ᠮᠦ ᠡᠯᠡᠰᠦᠷᠬᠡᠭᠵᠢᠭᠰᠡᠨ ᠭᠠᠵᠠᠷ ᠢ ᠵᠠᠰᠠᠵᠤ᠂ 10 ᠲᠦᠮᠡᠨ ᠮᠦ ᠮᠠᠯᠵᠢᠬᠤ ᠶᠢ ᠵᠣᠭᠰᠣᠭᠠᠵᠤ ᠡᠪᠡᠰᠦ ᠶᠢ ᠰᠡᠷᠭᠦᠭᠡᠵᠦ᠂ 58 ᠵᠤᠷᠪᠤᠰ ᠦᠶᠡᠷ ᠤᠰᠤᠨ ᠳᠤ ᠢᠳᠡᠭᠳᠡᠭᠰᠡᠨ ᠭᠤᠤ ᠶᠢ 76.6 ᠺᠢᠯᠦᠮᠧᠲᠷ ᠵᠠᠰᠠᠵᠤ᠂ 143 ᠵᠤᠷᠪᠤᠰ ᠵᠢᠵᠢᠭ ᠰᠠᠪᠠ ᠭᠠᠵᠠᠷ ᠢ 105 ᠺᠢᠯᠦᠮᠧᠲᠷ ᠵᠠᠰᠠᠨ᠎ᠠ᠃《 ᠣᠢ ᠬᠠᠮᠠᠭᠠᠯᠠᠬᠤ ᠡᠷᠳᠡᠨᠢ 》ᠲᠣᠭᠤᠷᠢᠨ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠶᠠᠷᠬᠤᠸᠠ᠂ ᠬᠠᠨ ᠠᠭᠤᠯᠠ ᠵᠡᠷᠭᠡ ᠡᠯ᠎ᠡ ᠲᠥᠷᠥᠯ ᠤᠨ ᠬᠠᠮᠠᠭᠠᠯᠠᠯᠲᠠ ᠶᠢᠨ ᠣᠷᠣᠨ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠣᠶ ᠶᠢᠨ ᠠᠬᠠᠯᠠᠭᠴᠢ  ᠶᠢᠨ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ ᠢᠶᠠᠨ ᠮᠠᠯᠵᠢᠬᠤ᠂ ᠳᠤᠷ᠎ᠠ ᠪᠠᠷ  ᠢᠶᠠᠨ ᠲᠡᠭᠦᠵᠦ ᠮᠠᠯᠲᠠᠬᠤ᠂ ᠰᠠᠨᠠᠭ᠎ᠠ ᠪᠠᠷ ᠢᠶᠠᠨ ᠣᠭᠲᠣᠯᠬᠤ ᠬᠠᠲᠣᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠂《ᠮᠠᠯ ᠪᠠᠨ ᠰᠠᠶᠢᠲᠤᠷ ᠬᠠᠮᠢᠶᠠᠷᠴᠤ 》᠂ ᠡᠪᠡᠰᠦ ᠪᠡᠯᠴᠢᠭᠡᠷ ᠢᠶᠠᠨ ᠰᠠᠶᠢᠲᠤᠷ ᠬᠠᠷᠠᠵᠤ ᠬᠠᠮᠠᠭᠠᠯᠠᠨ᠎ᠠ᠃《ᠤᠯᠤᠰ ᠤᠨ ᠨᠤᠲᠤᠭ ᠳᠡᠪᠢᠰᠭᠡᠷ ᠣᠷᠣᠨ ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠲᠥᠯᠥᠪᠵᠢᠭᠦᠯᠪᠡ 》 ᠶᠢ ᠨᠠᠢᠷᠠᠭᠤᠯᠤᠨ ᠳᠠᠭᠤᠰᠬᠠᠵᠤ᠂ 16 ᠠᠭᠤᠷᠬᠠᠢ ᠶᠢᠨ ᠣᠷᠴᠢᠨ ᠲᠣᠭᠤᠷᠢᠨ᠂ 24 ᠠᠭᠤᠷᠬᠠᠢ ᠶᠢᠨ ᠨᠦᠬᠡ ᠶᠢ ᠵᠠᠰᠠᠨ ᠰᠡᠷᠭᠦᠭᠡᠵᠦ᠂ ᠪᠣᠬᠢᠷᠲᠤᠯ ᠦᠭᠡᠢ ᠠᠭᠤᠷᠬᠠᠢ ᠶᠢᠨ ᠪᠠᠢᠭᠤᠯᠤᠯᠲᠠ ᠶᠢ ᠲᠦᠷᠭᠡᠳᠭᠡᠨ᠎ᠡ᠃ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠪᠠ ᠲᠤᠰᠬᠠᠶ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠ ᠶᠡᠭᠡ ᠣᠢ ᠰᠢᠭᠤᠶ ᠨᠤᠲᠤᠭ ᠪᠡᠯᠴᠢᠭᠡᠷ  ᠤᠨ ᠳᠤᠶᠢᠮᠤᠷ ᠡᠭᠦᠰᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠡᠨᠧᠷᠭᠢ ᠶᠢᠨ ᠬᠤᠷᠣᠭᠳᠠᠭᠤᠯᠭ᠎ᠠ ᠶᠢᠨ《ᠬᠤᠶᠠᠷ ᠢ ᠡᠵᠡᠮᠳᠡᠬᠦ 》ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠤᠲᠤᠭ᠎ᠠ ᠬᠡᠢ ᠶᠢ ᠵᠠᠰᠠᠬᠤ ᠪᠠ ᠵᠠᠳᠠᠭᠠᠢ ᠨᠡᠭᠦᠷᠡᠰᠦᠨ  ᠤ ᠲᠠᠯᠠᠪᠠᠢ ᠶᠢ ᠬᠢᠨᠠᠨ ᠡᠵᠡᠮᠳᠡᠵᠦ ᠬᠢᠨᠠᠨ ᠬᠡᠮᠵᠢᠬᠦ᠂ ᠡᠰᠢ ᠰᠦᠷᠡᠯ ᠢ ᠰᠢᠲᠠᠭᠠᠬᠤ ᠦᠵᠡᠭᠳᠡᠯ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠭᠠᠷ ᠮᠠᠨᠳᠠᠯ ᠢ ᠪᠤᠬᠢᠷᠳᠣᠭᠤᠯᠬᠤ ᠠᠰᠠᠭᠤᠳᠠᠯ ᠢ ᠴᠢᠩᠭ᠎ᠠ ᠵᠠᠰᠠᠨ᠎ᠠ᠃ ᠭᠤᠤᠯ ᠮᠥᠷᠡᠨ ᠤ ᠠᠬᠠᠯᠠᠭᠴᠢ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ  ᠤᠨ《 ᠳᠥᠷᠪᠡᠨ ᠰᠠᠮᠠᠭᠤᠷᠠᠯ ᠢ ᠵᠠᠰᠠᠬᠤ 》ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠯᠦᠪᠸᠢ ᠶᠢᠨ ᠪᠣᠬᠢᠷ ᠤᠰᠤ ᠰᠢᠶᠳᠪᠦᠷᠢᠯᠡᠬᠦ ᠥᠷᠲᠡᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ ᠢ ᠬᠡᠷᠡᠭᠵᠢᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ︔ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠬᠥᠷᠥᠰᠥ ᠰᠢᠷᠣᠶ ᠶᠢᠨ ᠲᠤᠭ᠎ᠠ ᠪᠠᠷᠢᠮᠲᠠ ᠶᠢᠨ ᠬᠥᠮᠥᠷᠭᠡ ᠪᠣᠯᠤᠨ ᠦᠯᠢᠭᠡᠷ ᠡᠳ᠋ ᠤᠨ ᠬᠥᠮᠥᠷᠭᠡ ᠶᠢ ᠪᠠᠶᠢᠭᠤᠯᠤᠨ᠂ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠦᠯᠦ ᠡᠪᠳᠡᠬᠦ ᠲᠣᠭᠲᠠᠴᠠ  ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃       ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠶ ᠣᠷᠴᠢᠨ ᠲᠣᠭᠤᠷᠢᠨ  ᠤ ᠬᠠᠮᠠᠭᠠᠯᠠᠯᠲᠠ ᠳᠤ《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ  ᠪᠠᠶᠢᠷᠢ ᠬᠤᠤᠰ ᠬᠠᠷᠢᠭᠤᠴᠠᠯᠭ᠎ᠠ 》ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠢᠶᠠᠷ ᠬᠢᠵᠠᠭᠠᠷᠯᠠᠬᠤ ᠦᠶᠯᠡᠳᠦᠯ ᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠥᠷᠢᠮ ᠢ ᠬᠡᠷᠡᠭᠵᠢᠭᠦᠯᠦᠨ᠂《 ᠳᠥᠷᠪᠡᠨ ᠤᠰᠤ ᠳᠥᠷᠪᠡ ᠶᠢ ᠲᠣᠭᠲᠠᠭᠠᠬᠤ 》ᠵᠠᠷᠴᠢᠮ ᠪᠣᠯᠤᠨ《 ᠤᠰᠤᠨ ᠤ ᠬᠡᠮᠵᠢᠶ᠎ᠡ ᠪᠠᠷ ᠬᠢᠬᠦ 》ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠎ᠠ︔ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ《 ᠨᠡᠮᠡᠭᠳᠡᠬᠦ ᠪᠠ ᠬᠠᠳᠠᠭᠠᠯᠠᠬᠤ ᠶᠢ ᠬᠤᠯᠪᠣᠭᠳᠠᠭᠤᠯᠬᠤ 》 ᠶᠢ ᠴᠢᠩᠭᠠᠳᠬᠠᠵᠤ᠂ ᠵᠦᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠪᠠ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠨ᠂ ᠠᠷᠪᠢᠲᠠᠶ  ᠡᠷᠴᠢᠮ ᠲᠠᠢ ᠣᠷᠴᠢᠯ ᠬᠥᠭᠵᠢᠯᠲᠡ᠂ ᠪᠣᠬᠢᠷᠲᠤᠯ ᠥᠬᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ ᠃      ( ᠳᠣᠯᠤᠭ᠎ᠠ ) ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠬᠠᠮᠲᠤ  ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠠᠷᠠᠳ ᠤᠨ ᠠᠮᠢᠳᠤᠷᠠᠯ ᠤᠨ ᠭᠤᠣᠯᠳᠠᠯᠭ᠎ᠠ ᠶᠢᠨ ᠲᠣᠭᠤᠷᠢᠨ ᠳᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠨ᠎ᠠ ᠃         ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠠᠷᠠᠭᠠᠯᠵᠠᠨ ᠬᠦᠭᠵᠢᠭᠦᠯᠬᠦ ᠶᠢ ᠴᠢᠩᠭᠠᠳᠬᠠᠵᠤ᠂ ᠠᠯᠪᠠᠨ  ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠠᠬᠢ ᠡᠵᠡᠯᠡᠬᠦ ᠬᠠᠷᠢᠴᠠᠯ ᠢ 55% ᠬᠦᠷᠭᠡᠨ᠎ᠡ︔《 ᠬᠤᠶᠠᠷ ᠢ ᠬᠦᠩᠭᠡᠯᠡᠬᠦ 》ᠲᠥᠷᠥ ᠶᠢᠨ ᠪᠣᠳᠣᠯᠭ᠎ᠠ ᠪᠠ ᠢᠯᠡ ᠪᠠᠷ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ︔ ᠰᠠᠭᠤᠷᠢ ᠲᠥᠬᠦᠭᠡᠷᠦᠮᠵᠢ ᠪᠠ ᠰᠤᠷᠭᠠᠨ ᠬᠥᠮᠦᠵᠢᠯ ᠤᠨ ᠶᠠᠰᠤ ᠴᠢᠨᠠᠷ《 ᠬᠤᠶᠠᠷ ᠢ ᠳᠡᠭᠡᠭᠰᠢᠯᠡᠭᠦᠯᠬᠦ 》ᠠᠵᠢᠯᠯᠠᠭ᠎ᠠ ᠶᠢ ᠬᠡᠷᠡᠭᠵᠢᠭᠦᠯᠵᠦ᠂  ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠣᠯᠠᠨ ᠶᠠᠩᠵᠤᠴᠢᠯᠠᠨ ᠬᠦᠭᠵᠢᠭᠦᠯᠬᠦ  ᠶᠢ ᠠᠬᠢᠭᠤᠯᠤᠨ᠎ᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂《 ᠬᠤᠤᠰ ᠰᠢᠯᠢᠳᠡᠭ 》 ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠤᠨ᠎ᠠ︔《 ᠨᠠᠷᠠᠲᠤ  ᠵᠠᠬᠢᠷᠤᠯ ᠨᠠᠷᠠᠲᠤ ᠪᠠᠭᠰᠢ 》ᠬᠥᠮᠦᠵᠢᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ︔ ᠲᠠᠪᠤᠳᠤᠭᠠᠷ ᠬᠡᠦᠬᠡᠳ ᠤᠨ ᠴᠡᠴᠡᠷᠯᠢᠭ ᠪᠠ   ᠣᠨᠴᠠᠯᠢᠭᠲᠤ ᠰᠣᠷᠭᠠᠭᠤᠯᠢ ᠶᠢᠨ ᠵᠢᠭᠠᠨ ᠰᠣᠷᠭᠠᠬᠤ ᠠᠰᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠷᠭᠦᠯᠵᠢᠯᠡᠨ 3 ᠦᠨᠳᠦᠰᠦᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠪᠠᠶᠢᠷᠢ ᠶᠢ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ ᠃        ᠠᠳᠠᠯ ᠦᠢᠯᠡᠰ ᠪᠣᠰᠬᠠᠬᠤ ᠪᠠ ᠠᠵᠢᠯ ᠣᠯᠭᠤᠬᠤ ᠶᠢ ᠶᠡᠬᠡᠪᠡᠷ ᠠᠬᠢᠭᠤᠯᠤᠨ᠎ᠠ᠃ ᠬᠤᠲᠠ ᠪᠠᠯᠭᠠᠰᠤᠨ ᠳᠤ 800 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 1180 ᠬᠥᠮᠦᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠦ᠂ 4.6 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠨ᠎ᠠ᠃《 ᠠᠳᠠᠯ ᠦᠢᠯᠡᠰ ᠪᠣᠰᠬᠠᠬᠤ ᠥᠪᠥᠷ ᠮᠣᠩᠭᠤᠯ ᠤᠨ ᠠᠵᠢᠯᠯᠠᠭ᠎ᠠ 》 ᠶᠢ ᠠᠬᠢᠭᠤᠯᠵᠤ᠂ ᠠᠳᠠᠯ ᠦᠢᠯᠡᠰ ᠪᠣᠰᠬᠠᠬᠤ ᠪᠠᠭ᠎ᠠ ᠲᠣᠭᠠᠨ ᠤ ᠳᠠᠭᠠᠭᠠᠯᠲᠠᠲᠤ ᠵᠢᠭᠡᠯᠡᠯᠭᠡ 3000 ᠲᠦᠮᠡᠨ ᠲᠥᠭᠦᠷᠢᠭ ᠲᠠᠯᠪᠢᠵᠤ᠂ ᠠᠳᠠᠯ ᠦᠢᠯᠡᠰ ᠪᠣᠰᠬᠠᠬᠤ ᠪᠠᠷ ᠠᠵᠢᠯ ᠣᠯᠭᠤᠬᠤ ᠶᠢ ᠳᠠᠶᠢᠴᠢᠯᠠᠨ᠎ᠠ ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠪᠠᠶᠢᠴᠠᠭᠠᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠡᠶ᠎ᠡ ᠵᠣᠬᠢᠴᠠᠯᠳᠤ ᠬᠥᠳᠡᠯᠮᠦᠷᠢ ᠶᠢᠨ ᠬᠠᠷᠢᠴᠠᠭ᠎ᠠ ᠶᠢ ᠪᠥᠬᠦ ᠬᠦᠴᠦᠨ ᠢᠶᠠᠷ ᠪᠠᠶᠢᠭᠤᠯᠤᠨ᠎ᠠ ᠃        ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ  ᠶᠢ ᠥᠷᠭᠡᠳᠬᠡᠬᠦ ᠲᠤᠰᠬᠠᠶ ᠠᠵᠢᠯᠯᠠᠭ᠎ᠠ ᠥᠷᠨᠢᠭᠦᠯᠵᠦ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 15 ᠲᠦᠮᠡ ᠠᠴᠠ ᠳᠡᠭᠡᠭᠰᠢ ᠬᠦᠷᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠪᠠᠨ ᠴᠢᠩᠭᠠᠳᠬᠠᠨ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠣᠷᠣᠰᠢᠭᠤᠯᠭ᠎ᠠ  ᠶᠢᠨ ᠭᠠᠵᠠᠷ ᠢ ᠥᠷᠭᠡᠳᠬᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ᠎ᠠ᠃ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠦᠨᠳᠦᠰᠦᠲᠡᠨ ᠱᠠᠰᠢᠨ ᠰᠤᠷᠲᠠᠬᠤᠨ᠂ ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠠᠯᠭ᠎ᠠ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠣᠯᠠᠬᠤ ᠠᠵᠢᠯ ᠢ ᠴᠢᠩᠭᠠᠳᠬᠠᠵᠤ᠂ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠦᠢᠯᠡᠰ ᠢ ᠬᠥᠭᠵᠢᠭᠦᠯᠦᠨ᠎ᠡ ᠃        ᠡᠷᠡᠭᠦᠯ ᠡᠩᠬᠡ ᠵᠠᠷᠤᠳ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠤᠯᠤᠰ  ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠡᠷᠡᠭᠦᠯ ᠡᠩᠬᠡ ᠵᠠᠷᠤᠳ ᠤᠨ ᠠᠵᠢᠯᠯᠠᠭ᠎ᠠ  ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ  ᠤᠨ ᠲᠡᠰ ᠤᠨ ᠠᠷᠢᠭᠤᠨ ᠴᠡᠪᠡᠷ ᠰᠢᠶᠠᠨ ᠤ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠣᠨ᠎ᠠ᠂ ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠶᠢᠭᠤᠯᠬᠤ ᠲᠥᠷᠦᠯ ᠵᠦᠢᠯ  ᠢ ᠡᠬᠢᠯᠡᠭᠦᠯᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢᠶᠠᠨ ᠥᠷᠭᠡᠳᠬᠡᠨ ᠦᠨᠳᠦᠰᠦᠨ ᠱᠠᠲᠤᠨ ᠳᠤ ᠬᠦᠷᠭᠡᠨ᠎ᠡ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠰᠠᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠣᠨᠣᠰᠢᠯᠠᠨ ᠵᠠᠰᠠᠬᠤ ᠪᠠ ᠡᠪᠡᠳᠴᠢᠨ ᠦᠵᠡᠭᠦᠯᠬᠦ ᠡᠮᠬᠢ ᠵᠢᠷᠤᠮ ᠢ ᠰᠢᠯᠢᠳᠡᠭᠵᠢᠭᠦᠯᠦᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠶᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃       ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂《 ᠠᠨᠠᠷ ᠤᠨ ᠦᠷ᠎ᠡ 》 ᠶᠢᠨ ᠠᠵᠢᠯᠯᠠᠭᠠᠨ ᠤ ᠲᠥᠯᠥᠪᠯᠡᠭᠡ ᠶᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠳᠠᠬᠢᠨ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠦᠨ᠎ᠡ᠃ ᠤᠳᠣ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ ᠬᠢᠨ ᠳᠤ ᠠᠵᠢᠯ ᠤᠯᠬᠤ ᠪᠠ ᠦᠷ᠎ᠡ ᠬᠡᠦᠬᠡᠳ ᠬᠢᠨᠢ ᠰᠤᠷᠭᠠᠭᠤᠯᠢ ᠳᠤ ᠣᠷᠣᠬᠤ ᠶᠢ ᠡᠩ ᠲᠡᠷᠢᠭᠦᠨ ᠳᠤ ᠪᠠᠲᠤᠯᠠᠵᠤ᠂ ᠴᠡᠷᠢᠭ ᠤᠨ ᠠᠯᠪᠠᠨ ᠠᠴᠠ ᠪᠠᠭᠤᠭᠰᠠᠨ ᠬᠦᠴᠢᠷ ᠲᠠᠢ ᠬᠦᠮᠦᠰ ᠪᠠ ᠠᠰᠠᠷᠠᠨ ᠬᠠᠷᠠᠭᠠᠯᠵᠠᠬᠤ ᠡᠲᠡᠭᠡᠳ ᠢ ᠬᠠᠯᠠᠮᠵᠢᠯᠠᠨ ᠬᠠᠪᠰᠤᠷᠴᠤ᠂《 ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ 》 ᠶᠢᠨ ᠢᠷᠠᠭᠤ ᠠᠯᠳᠠᠷ ᠢ ᠵᠠᠯᠭᠠᠵᠤ ᠬᠠᠮᠠᠭᠠᠯᠠᠨ᠎ᠠ᠃       ᠰᠣᠶᠣᠯ ᠲᠠᠮᠢᠷ ᠤᠨ ᠦᠢᠯᠡᠰ ᠢ ᠦᠷᠭᠦᠯᠵᠢᠯᠡᠨ ᠴᠡᠴᠡᠭᠯᠡᠭᠦᠯᠦᠨ ᠬᠥᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠢᠦᠢ ᠵᠧᠦ ᠶᠢᠨ ᠡᠷᠲᠡᠨ ᠤ ᠬᠤᠲᠠ ᠶᠢᠨ ᠪᠠᠭᠤᠷᠢ ᠵᠢᠴᠢ ᠣᠩᠭᠤᠨ ᠢ ᠬᠠᠮᠠᠭᠠᠯᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠮᠠᠨ ᠤ ᠬᠤᠰᠢᠭᠤᠨ ᠤ ᠪᠠᠨ ᠭᠦᠨ ᠵᠤᠵᠠᠭᠠᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠤᠨ ᠡᠮᠬᠢᠯᠡᠵᠦ᠂《 ᠵᠠᠷᠤᠳ ᠬᠤᠰᠢᠭᠤᠨ ᠤ ᠲᠡᠦᠬᠡ ᠰᠣᠶᠣᠯ ᠤᠨ ᠴᠤᠪᠤᠷᠠᠯ ᠪᠢᠴᠢᠭ 》 ᠢ ᠨᠠᠶᠢᠷᠠᠭᠤᠯᠤᠨ  ᠪᠢᠴᠢᠨ᠎ᠠ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠪᠠᠶᠢᠭᠤᠯᠤᠯᠲᠠ ᠪᠠ ᠤᠳᠬ᠎ᠠ ᠤᠷᠠᠯᠢᠭ ᠵᠣᠬᠢᠶᠠᠨ ᠪᠦᠲᠦᠭᠡᠯᠭᠡ ᠶᠢᠨ ᠴᠡᠴᠡᠭᠯᠡᠨ ᠬᠥᠭᠵᠢᠬᠦ ᠶᠢ ᠠᠬᠢᠭᠤᠯᠵᠤ᠂ 《 ᠬᠤᠶᠠᠷ ᠢ ᠡᠭᠦᠳᠦᠭᠰᠡᠨ》ᠰᠣᠶᠣᠯ ᠤᠳᠬ᠎ᠠ ᠤᠷᠠᠯᠢᠭ ᠤᠨ ᠪᠦᠲᠦᠭᠡᠯ ᠢ 30 ᠵᠣᠬᠢᠶᠠᠨ ᠪᠦᠲᠦᠭᠡᠨ᠎ᠡ ᠂ ᠤᠯᠠᠭᠠᠨᠮᠥ᠋ᠴᠢᠷ᠂ ᠦᠯᠢᠭᠡᠷ ᠤᠷᠠᠯᠢᠭ ᠤᠨ ᠪᠦᠯᠬᠦᠮ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 150 ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ᠯᠦᠪᠸᠢ ᠭᠤᠤᠯ ᠳᠠᠭᠠᠤ ᠶᠢᠨ ᠪᠡᠶ᠎ᠡ ᠲᠠᠮᠢᠷ ᠤᠨ ᠴᠡᠴᠡᠷᠯᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠣᠯᠠᠨ ᠲᠦᠮᠡᠨᠴᠢ ᠴᠢᠨᠠᠷᠲᠠᠶ ᠪᠡᠶ᠎ᠡ  ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃       ᠠᠮᠤᠭᠤᠯᠠᠩ ᠵᠠᠷᠤᠳ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂《 ᠭᠡᠭᠡᠨ ᠰᠠᠷᠠᠭᠤᠯ ᠢᠨᠵᠧᠨᠧᠷᠢᠩ 》 ᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠲᠦᠮᠡᠨ ᠤ ᠠᠮᠤᠷ ᠲᠥᠪᠰᠢᠨ ᠢ ᠬᠠᠮᠠᠭᠠᠯᠠᠬᠤ 《 ᠪᠢᠯᠢᠭ ᠤᠨ ᠨᠢᠳᠦ 》 ᠶᠢ ᠴᠣᠭᠴᠠᠯᠠᠨ᠎ᠠ ᠃《 ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ 》 ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠵᠠᠬᠢᠳᠠᠯ ᠰᠤᠷᠪᠤᠯᠵᠢᠯᠠᠭ᠎ᠠ  ᠶᠢᠨ ᠠᠵᠢᠯ ᠢ ᠨᠠᠩ ᠳᠦᠷᠢᠮᠵᠢᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ《 ᠭᠤᠷᠪᠠᠨ ᠬᠥᠷᠥᠩᠭᠡ 》 ᠳᠤ ᠵᠢᠷᠤᠮᠵᠢᠭᠰᠠᠨ ᠬᠠᠮᠢᠶᠠᠷᠤᠯᠲᠠ ᠬᠢᠬᠦ ᠶᠢ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ᠃ ᠵᠡᠭᠡᠯᠢ ᠭᠤᠳᠤᠮᠵᠢ ᠶᠢᠨ《 3456 》ᠠᠵᠢᠯ ᠤᠨ ᠠᠷᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠨᠠᠷᠢᠯᠢᠭᠵᠢᠭᠰᠠᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠦᠶᠯᠡᠳᠬᠦᠨ ᠤ ᠶᠠᠰᠤ ᠴᠢᠨᠠᠷ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠰᠠᠶᠢᠲᠤᠷ ᠠᠳᠬᠤᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠶᠢ ᠦᠨᠡᠨᠬᠦ ᠠᠬᠢᠭᠤᠯᠤᠨ᠎ᠠ᠃ ᠠᠶᠣᠯᠭᠦᠢ ᠦᠢᠯᠡᠳᠪᠦᠷᠢᠯᠡᠯ ᠤᠨ ᠬᠠᠷᠠᠯᠲᠠᠲᠤ ᠬᠠᠷᠢᠭᠤᠴᠠᠯᠭ᠎ᠠ  ᠶᠢᠨ ᠬᠠᠮᠢᠶᠠᠷᠤᠯᠲᠠ ᠪᠠᠨ ᠴᠢᠩᠭᠠᠳᠬᠠᠨ᠂ ᠡᠯ᠎ᠡ ᠲᠥᠷᠥᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠪᠴᠠᠩ ᠪᠣᠯᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ ᠪᠠ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠳᠤ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠨ᠎ᠠ ᠃       ᠭᠤᠷᠪᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ  ᠤᠨ ᠣᠷᠳᠣᠨ ᠢ ᠪᠠᠶᠢᠭᠤᠯᠤᠨ᠎ᠠ        ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃       ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ᠃ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ ᠦᠷ᠎ᠡ ᠪᠦᠲᠦᠭᠡᠯ ᠢᠶᠠᠨ 《 ᠬᠤᠶᠠᠷ ᠢ ᠲᠣᠭᠲᠠᠭᠠᠬᠤ 》᠂《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠤᠨ᠂ ᠰᠡᠳᠬᠢᠯ  ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠢᠯ ᠢᠶᠠᠨ ᠰᠠᠶᠢᠲᠤᠷ ᠬᠢᠬᠦ᠂ ᠵᠠᠷᠤᠳ ᠤᠨ ᠬᠥᠭᠵᠢᠯᠲᠡ ᠶᠢ ᠠᠬᠢᠭᠤᠯᠬᠤ ᠠᠮᠢᠳᠤᠯᠢᠭ ᠦᠶᠯᠡᠳᠦᠯᠭᠡ ᠪᠣᠯᠭᠠᠨ᠎ᠠ᠃ ᠬᠡᠵᠢᠶ᠎ᠠ ᠡᠭᠦᠷᠢᠳᠡ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ  ᠤᠨ ᠥᠪᠥᠷ ᠮᠣᠩᠭᠤᠯ  ᠳᠤ ᠳᠠᠭᠠᠯᠭᠠᠭᠠᠭᠰᠠᠨ ᠲᠠᠪᠤᠨ ᠶᠡᠭᠡ ᠡᠭᠦᠷᠭᠡ ᠶᠢ ᠡᠷᠡᠰ ᠪᠡᠶᠡᠯᠡᠭᠦᠯᠵᠦ᠂ ᠵᠠᠷᠤᠳ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠣᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤ ᠰᠠᠶᠢᠲᠤᠷ ᠠᠳᠬᠤᠵᠤ᠂ 《 ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ 》 ᠶᠢᠨ ᠠᠵᠢᠯ ᠢ ᠪᠡᠶᠡᠯᠡᠭᠦᠯᠦᠨ᠎ᠡ᠃        ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠠᠳᠬᠤᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠠ ᠬᠤᠰᠢᠭᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠡᠷᠡ ᠶᠣᠰᠣᠭᠠᠷ  ᠨᠢ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠥᠬᠡᠶ ᠠᠬᠢᠭᠤᠯᠤᠨ᠎ᠠ᠃《 ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠬᠤ 》ᠱᠠᠭᠠᠷᠳᠠᠯᠭ᠎ᠠ ᠶᠣᠰᠣᠭᠠᠷ᠂《 ᠳᠣᠯᠤᠭ᠎ᠠ ᠶᠢ ᠳᠠᠶᠠᠭᠳᠠᠭᠤᠯᠬᠤ 》 ᠪᠠᠷ ᠭᠤᠤᠯ ᠰᠡᠳᠦᠪ ᠪᠣᠯᠭᠠᠭᠰᠠᠨ ᠶᠡᠭᠡ ᠶᠠᠷᠢᠯᠴᠠᠭ᠎ᠠ᠂ ᠶᠡᠭᠡ ᠦᠶᠯᠡᠳᠦᠯᠭᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂《 ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ 》 ᠤ ᠠᠰᠠᠭᠤᠳᠠᠯ ᠢ ᠬᠢᠨᠠᠮᠠᠭᠠᠶ ᠰᠢᠢᠳᠪᠦᠷᠢᠯᠡᠵᠦ᠂ ᠠᠵᠢᠯ ᠤᠨ ᠪᠠᠶᠢᠷᠢ ᠪᠣᠯ ᠳᠠᠷᠣᠢ ᠬᠠᠷᠢᠭᠤᠴᠠᠯᠭ᠎ᠠ᠂ ᠲᠣᠰᠢᠶᠠᠯ ᠤᠨ ᠪᠠᠶᠢᠷᠢ ᠪᠣᠯ ᠳᠠᠷᠣᠢ ᠬᠠᠷᠢᠭᠤᠴᠠᠯᠭ᠎ᠠ ᠪᠣᠯᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠬᠤ ᠥᠬᠡᠶ᠂ ᠪᠣᠲᠠᠲᠠᠢ ᠨᠠᠶᠢᠲᠠᠪᠣᠷᠢᠵᠢᠭᠤᠯᠬᠤ ᠦᠭᠡᠢ ᠦᠵᠡᠭᠳᠡᠯ ᠢ ᠡᠷᠡᠰ ᠲᠡᠪᠴᠢᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠃ ᠠᠵᠢᠯ ᠤᠨ ᠠᠷᠭ᠎ᠠ ᠬᠡᠮᠵᠢᠶ᠎ᠡ ᠪᠠᠨ ᠨᠠᠩ ᠴᠢᠩᠭ᠎ᠠ᠂ ᠨᠠᠩ ᠨᠠᠷᠢᠯᠢᠭ᠂ ᠨᠠᠩ ᠪᠣᠳᠠᠲᠠᠶ ᠪᠣᠯᠭᠠᠵᠤ᠂ ᠪᠠᠶᠢᠩᠭᠤ ᠡᠮᠦᠨ᠎ᠡ ᠹᠷᠣᠨᠲ ᠳᠤ ᠠᠵᠢᠯᠯᠠᠵᠤ᠂ ᠪᠢᠲᠡᠭᠦᠮᠵᠢᠯᠡᠭᠰᠡᠨ ᠨᠠᠶᠢᠲᠠᠪᠣᠷᠢᠵᠢᠭᠤᠯᠣᠨ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠨ᠂ ᠨᠢᠭᠡᠨᠲᠡ ᠲᠣᠭᠲᠠᠭᠠᠭᠰᠠᠨ ᠠᠵᠢᠯ ᠢᠶᠠᠨ ᠱᠠᠯᠠᠪᠳᠠᠨ ᠲᠦᠷᠭᠡᠨ ᠬᠢᠵᠦ᠂ ᠦᠷ᠎ᠡ ᠪᠦᠲᠦᠮᠵᠢ ᠭᠠᠷᠭᠠᠵᠤ᠂ ᠦᠷ᠎ᠡ ᠳ᠋ᠦᠩ ᠲᠠᠢ ᠪᠣᠯᠭᠠᠨ᠎ᠠ ᠃        ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠣᠳᠠᠲᠠᠶ ᠠᠵᠢᠯ ᠬᠢᠨ᠎ᠡ᠃《 ᠨᠠᠶᠮᠠᠳᠤᠭᠠᠷ ᠲᠠᠪᠤᠨ ᠵᠢᠯ  》 ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠬᠠᠤᠯᠢ ᠪᠠᠷ ᠵᠠᠰᠠᠬᠤ ᠶᠢ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠤᠬᠠᠮᠰᠠᠷᠲᠤ ᠠᠵᠢᠯᠯᠠᠭ᠎ᠠ ᠪᠣᠯᠭᠠᠨ᠎ᠠ᠃ ᠣᠯᠠᠨ ᠲᠦᠮᠡᠨ ᠤ ᠪᠠᠭ᠎ᠠ ᠶᠠᠪᠤᠳᠠᠯ ᠢ ᠶᠡᠭᠡ ᠶᠠᠪᠤᠳᠠᠯ ᠢᠶᠠᠷ ᠦᠵᠡᠵᠦ᠂ ᠣᠯᠠᠨ ᠲᠦᠮᠡᠨ ᠤ ᠪᠠᠴᠢᠮ ᠶᠠᠪᠤᠳᠠᠯ ᠬᠦᠴᠢᠷ ᠶᠠᠪᠤᠳᠠᠯ ᠢ ᠴᠢᠬᠤᠯᠠ ᠶᠠᠪᠤᠳᠠᠯ ᠢᠶᠠᠷ ᠦᠵᠡᠵᠦ᠂ ᠤᠳᠤᠷᠢᠳᠬᠤ ᠺᠠᠳ᠋ᠷ  ᠤᠨ ᠰᠤᠷᠪᠤᠯᠵᠢᠯᠠᠭ᠎ᠠ ᠬᠦᠯᠢᠶᠡᠬᠦ ᠲᠣᠭᠲᠠᠴᠠ ᠶᠢ ᠪᠦᠷᠢᠨ ᠲᠡᠭᠦᠯᠳᠡᠷᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠣᠯᠠᠨ ᠲᠦᠮᠡᠨ ᠤ《 ᠪᠠᠴᠢᠮ ᠬᠦᠴᠢᠷ ᠵᠣᠪᠠᠵᠤ ᠬᠦᠰᠡᠵᠦ 》ᠪᠠᠶᠢᠭ᠎ᠠ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠦᠨᠡᠨ ᠰᠡᠳᠬᠢᠯ ᠠᠴᠠ ᠪᠠᠨ ᠠᠵᠤ ᠠᠬᠤᠢᠯᠠᠯ ᠳᠤ ᠦᠢᠯᠡᠴᠢᠯᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠣᠷᠠᠳᠣᠯᠭ᠎ᠠ ᠶᠢ ᠬᠢᠨᠠᠮᠠᠭᠠᠢ ᠰᠠᠶᠢᠲᠤᠷ ᠰᠢᠢᠳᠪᠦᠷᠢᠯᠡᠵᠦ᠂ ᠰᠠᠨᠠᠯ ᠵᠥᠪᠯᠡᠯᠭᠡ ᠨᠢᠭᠡᠪᠦᠷᠢ ᠶᠢ ᠴᠥᠮ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠃      ᠠᠷᠢᠭᠤᠨ ᠴᠢᠬᠡᠴᠢ ᠪᠠᠷ ᠦᠶᠯᠡᠰ ᠪᠦᠲᠦᠭᠡᠨ᠎ᠡ᠃《 ᠠᠯᠪᠠᠨ ᠤ ᠭᠤᠷᠪᠠᠨ ᠵᠠᠷᠤᠳᠠᠯ 》 ᠢ ᠴᠢᠩᠭ᠎ᠠ ᠬᠢᠵᠠᠭᠠᠷᠯᠠᠵᠤ᠂ ᠪᠦᠷᠢᠯᠭᠡᠨ ᠰᠦᠢᠳᠬᠡᠬᠦ᠂  ᠶᠡᠬᠡᠪᠡᠷ ᠵᠠᠷᠣᠵᠤ ᠬᠡᠷᠡᠭᠯᠡᠬᠦ ᠶᠢ ᠡᠷᠡᠰ ᠡᠰᠡᠷᠭᠦᠴᠡᠨ᠂ ᠮᠥᠩᠭᠦ ᠨᠢᠭᠡᠪᠦᠷᠢ ᠶᠢ ᠰᠠᠶᠢᠲᠤᠷ ᠬᠡᠷᠡᠭᠯᠡᠵᠦ᠂ ᠶᠠᠪᠤᠳᠠᠯ ᠪᠦᠬᠦᠨ ᠢ ᠰᠠᠶᠢᠲᠤᠷ ᠬᠢᠵᠦ᠂ ᠬᠢᠵᠠᠭᠠᠷ ᠲᠠᠢ ᠡᠳ᠋ ᠤᠨ ᠬᠦᠴᠦᠨ  ᠢᠶᠠᠨ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠡᠷᠡᠭᠯᠡᠨ᠎ᠡ᠃ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂《 ᠳᠥᠷᠪᠡᠨ ᠰᠤᠷᠲᠠᠯ 》 ᠢ ᠴᠥᠬᠦᠷᠡᠰᠢ ᠥᠬᠡᠶ ᠵᠠᠯᠠᠷᠠᠭᠤᠯᠵᠤ᠂ ᠴᠢᠩᠭ᠎ᠠ ᠭᠡᠬᠦ ᠭᠤᠤᠯ ᠬᠥᠭ ᠢ ᠵᠠᠰᠠᠭ ᠤᠨ ᠣᠷᠳᠣᠨ ᠤ ᠰᠢᠰᠲ᠋ᠧᠮ ᠳᠤ ᠲᠤᠤᠱᠲᠠᠶ ᠪᠠᠶᠢᠯᠭᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠶᠯᠡᠰ ᠪᠣᠰᠬᠠᠭᠰᠠᠨ ᠤᠯᠤᠰ ᠲᠥᠷᠥ  ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ᠂ ᠨᠡᠶᠢᠭᠡᠮ ᠤᠨ ᠬᠢᠨᠠᠯᠲᠠ᠂ ᠲᠤᠭ᠎ᠠ ᠪᠦᠷᠢᠳᠭᠡᠯ ᠤᠨ ᠬᠢᠨᠠᠯᠲᠠ ᠶᠢ ᠤᠬᠠᠮᠰᠠᠷ  ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠪᠠᠨ ᠴᠢᠩᠭᠠᠳᠬᠠᠵᠤ᠂ ᠬᠢᠨᠠᠯᠲᠠ ᠶᠢᠨ ᠳᠣᠣᠷ᠎ᠠ ᠠᠵᠢᠯ ᠬᠢᠬᠦ ᠳᠠᠳᠬᠠᠯ ᠲᠠᠢ ᠪᠣᠯᠵᠤ᠂ ᠬᠢᠨᠠᠯᠲᠠ ᠶᠢᠨ ᠳᠣᠣᠷ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠳᠠᠮᠠᠭᠠᠢ ᠪᠠᠶᠢᠬᠤ ᠬᠡᠷᠡᠭᠲᠡᠢ ᠃        ᠲᠥᠯᠥᠭᠡᠯᠡᠭᠴᠢᠳ ᠡ︕ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠨᠠᠶᠢᠳᠠᠵᠤ᠂ ᠰᠢᠨ᠎ᠡ ᠠᠶᠠᠨ ᠠᠴᠠ ᠰᠢᠨ᠎ᠡ ᠡᠭᠦᠷᠭᠡᠯᠡᠯ ᠤᠷᠢᠶᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠬᠠᠭᠤᠯᠤᠨ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠷᠴᠢ ᠵᠣᠷᠢᠭ ᠢᠶᠠᠨ ᠬᠥᠪᠴᠢᠯᠡᠨ᠂ ᠪᠦᠯᠬᠦᠮᠳᠡᠨ ᠨᠢᠭᠡᠳᠴᠦ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠵᠠᠷᠤᠳ ᠬᠤᠰᠢᠭᠤᠨ ᠤ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠭᠦᠳᠦᠨ ᠨᠡᠬᠡᠬᠡᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠵᠡᠭᠡᠶ᠎ᠡ︕ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号