ᠵᠠᠷᠤᠳ ᠬᠤᠰᠢᠭᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠵᠢᠴᠢ ︽ᠪᠠᠯᠴᠢᠷ ᠴᠢᠬᠢ ᠶᠢ ᠬᠠᠮᠠᠭᠠᠯᠠᠬᠤ · ᠨᠤᠮ ᠤᠨ ᠱᠣᠰᠢᠭ᠎ᠠ ᠬᠦᠷᠭᠡᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/11
   ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠦ᠂ ︽ᠪᠠᠯᠴᠢᠷ ᠴᠢᠬᠢ ᠶᠢ ᠬᠠᠮᠠᠭᠠᠯᠠᠬᠤ︾ ᠠᠵᠢᠯᠯᠠᠭ᠎ᠠ ᠵᠢᠴᠢ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ︽ᠠᠯᠲᠠᠨ ᠨᠠᠮᠤᠷ︾ ᠤᠨ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠴᠢᠬᠢᠷᠠᠭ ᠨᠣᠮ ᠤᠩᠰᠢᠬᠤ᠂ ᠡᠷᠡᠭᠦᠯ ᠪᠤᠰᠤ ᠮᠡᠳᠡᠭᠡ ᠵᠠᠩᠭᠢ ᠠᠴᠠ ᠵᠠᠶᠢᠳᠠᠭᠤᠯᠬᠤ᠂ ᠰᠠᠨᠠᠭᠠᠴᠢᠯᠠᠭ᠎ᠠ ᠠᠴᠠ ᠪᠠᠨ ᠬᠤᠯᠠᠭᠠᠶᠢᠯᠠᠨ ᠬᠡᠪᠯᠡᠭᠰᠡᠨ ᠨᠣᠮ ᠪᠢᠴᠢᠭ ᠢ ᠲᠡᠪᠴᠢᠬᠦ ᠳᠠᠳᠬᠠᠯ ᠲᠠᠢ ᠪᠣᠯᠭᠠᠵᠤ᠂ ᠡᠷᠡᠭᠦᠯ ᠰᠠᠷᠠᠭᠤᠯ ᠥᠭᠡᠳᠡᠷᠬᠡᠭ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠬᠢᠨ  ᠯᠦᠪᠸᠢ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠵᠢᠴᠢ ︽ᠪᠠᠯᠴᠢᠷ ᠴᠢᠬᠢ ᠶᠢ ᠬᠠᠮᠠᠭᠠᠯᠠᠬᠤ · ᠨᠣᠮ ᠤᠨ ᠱᠣᠰᠢᠭ᠎ᠠ ᠬᠦᠷᠭᠡᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃     
微信图片_20231011100327.jpg
    ᠠᠵᠢᠯᠯᠠᠭ᠎ᠠ ᠶᠢᠨ ᠳᠤᠮᠳᠠ᠂ ᠠᠵᠢᠯᠲᠠᠳ ᠠᠴᠠ ᠰᠤᠷᠤᠭᠴᠢᠳ ᠲᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠤᠣᠯᠳᠠᠭᠤ ᠶᠠᠭᠤ ᠶᠢ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠂ ᠶᠠᠭᠤᠨ ᠳᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠂ ᠶᠠᠭᠤ ᠶᠢ ᠬᠠᠤᠯᠢ ᠪᠤᠰᠤ ᠬᠡᠪᠯᠡᠭᠳᠡᠬᠦᠨ ᠭᠡᠬᠦ᠂ ᠬᠠᠤᠯᠢ ᠪᠤᠰᠤ ᠬᠡᠪᠯᠡᠭᠳᠡᠬᠦᠨ ᠢ ᠬᠡᠷᠬᠢᠨ ᠢᠯᠭᠠᠨ ᠲᠠᠨᠢᠬᠤ᠂ ᠠᠮᠢᠳᠤᠷᠠᠯ ᠤᠨ ᠳᠤᠮᠳᠠ ᠱᠠᠯᠢᠭ ᠵᠠᠪᠠᠭ᠋ᠠᠢ ᠵᠦᠢᠯᠡᠰ ᠲᠠᠢ ᠬᠤᠯᠪᠣᠭᠳᠠᠬᠤ᠂ ᠬᠠᠤᠯᠢ ᠪᠤᠰᠤ ᠬᠡᠪᠯᠡᠭᠳᠡᠬᠦᠨ ᠳᠤ ᠬᠤᠯᠪᠣᠭᠳᠠᠬᠤ ᠶᠢ ᠬᠡᠷᠬᠢᠨ ᠢᠯᠭᠠᠨ ᠲᠠᠨᠢᠬᠤ ᠪᠠ ᠬᠤᠷᠢᠭᠯᠠᠬᠤ ᠵᠡᠷᠭᠡ ᠲᠠᠯ᠎ᠠ ᠪᠠᠷ ᠲᠠᠶᠢᠯᠤᠮᠵᠢ ᠬᠢᠪᠡ᠂ ᠰᠤᠷᠤᠭᠴᠢᠳ ᠢᠳᠡᠪᠬᠢᠲᠡᠢ ᠪᠠᠷ ᠣᠷᠣᠯᠴᠠᠨ ᠬᠥᠳᠡᠯᠦᠯᠴᠡᠬᠦ ᠶᠢᠨ ᠬᠠᠮᠲᠤ ︽ᠪᠠᠯᠴᠢᠷ ᠴᠢᠬᠢ ᠶᠢ ᠬᠠᠮᠠᠭᠠᠯᠠᠬᠤ ·  ᠨᠣᠮ ᠤᠨ ᠱᠣᠰᠢᠭ᠎ᠠ︾ ᠶᠢ ᠭᠠᠷᠳᠠᠪᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠷᠠᠬᠠᠨ ᠪᠠᠭ᠎ᠠ ᠠᠴᠠ ᠨᠢ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠣᠶᠢᠯᠠᠭᠠᠭᠳᠠᠬᠤᠨ ᠢ ᠪᠣᠶ ᠪᠣᠯᠭᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠦᠨ᠂ ᠰᠤᠷᠤᠭᠴᠢᠳ ᠤᠨ ᠭᠡᠷ ᠤᠨ ᠬᠥᠮᠥᠰ ᠪᠠ ᠨᠠᠶᠢᠵᠠ ᠨᠠᠷ ᠲᠠᠭᠠᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ ᠂ ᠬᠥᠮᠥᠨ ᠪᠣᠯᠭᠠᠨ ᠵᠠᠯᠠᠭᠤᠴᠤᠳ ᠪᠠᠭᠠᠴᠤᠳ ᠤᠨ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠬᠦ ᠣᠷᠣᠯᠴᠠᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠶᠢ ᠢᠳᠡᠪᠬᠢᠲᠡᠢ ᠰᠠᠨᠠᠭᠠᠴᠢᠯᠠᠪᠠ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠢᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠰᠤᠷᠲᠠᠯ ᠲᠥᠪ ᠰᠤᠷᠲᠠᠯ ᠢ ᠪᠥᠬᠦ ᠬᠦᠴᠦᠨ ᠢᠶᠠᠷ ᠢᠶᠠᠨ ᠰᠠᠨᠠᠭᠠᠴᠢᠯᠠᠵᠤ᠂ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠤᠬᠢᠷᠠᠭᠤᠯᠬᠤ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠣᠬᠢᠷᠲᠤᠭᠤᠯᠬᠤ ᠰᠣᠶᠣᠯ ᠤᠨ ᠬᠤᠭ ᠨᠣᠪᠰᠢ ᠶᠢ ᠠᠷᠢᠯᠭᠠᠵᠤ᠂ ᠪᠥᠬᠦ ᠠᠷᠠᠳ ᠢᠶᠠᠷ ᠢᠶᠠᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠪᠠᠷ ᠪᠤᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号