10 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ | ᠵᠥᠩ ᠬᠤᠸᠠ ᠠᠭᠤᠳᠠᠮ ᠲᠠᠯᠠᠪᠠᠶ ᠳᠤ᠂ ︽ᠠᠷᠪᠢᠯᠠᠨ ᠭᠠᠮᠨᠠᠬᠤ ᠶᠢ ᠲᠡᠭᠡᠳᠤᠯᠡᠨ ᠢᠲᠡᠭᠡᠯᠴᠡᠭᠡ ᠶᠢ ᠡᠷᠬᠢᠮᠯᠡᠵᠦ | ᠬᠠᠷᠢᠭᠤᠴᠠᠯᠭ᠎ᠠ ᠪᠠᠨ ᠭᠦᠢᠴᠡᠳᠬᠡᠬᠦ ︱ ᠢᠳᠡᠭᠡᠨ ᠤ ᠠᠮᠤᠷ ᠲᠦᠪᠰᠢᠨ ᠢ ᠰᠡᠳᠬᠢᠯ ᠨᠢᠭᠡᠳᠦᠨ ᠬᠠᠮᠲᠤ ᠪᠠᠷ | ᠬᠠᠮᠠᠭᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠠᠷᠠᠰᠤ ᠨᠥᠬᠦᠷ ᠠᠴᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠂ ᠮᠠᠯ | ᠡᠮᠨᠡᠯᠭᠡ ᠶᠢᠨ ᠲᠠᠰᠤᠭ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠠᠮᠢᠲᠠᠨ ᠤ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ 30 ᠬᠥᠮᠥᠨ ᠢ ᠳᠠᠭᠠᠭᠤᠯᠤᠨ ᠠᠵᠢᠯᠯᠠᠭ᠎ᠠ ᠳᠤ ᠤᠷᠤᠯᠴᠠᠪᠠ᠃ | | | | | ᠠᠵᠢᠯᠯᠠᠭ᠎ᠠ ᠶᠢᠨ ᠶᠠᠪᠤᠴᠠ ᠳᠤ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠶᠢᠨ ᠬᠠᠤᠯᠢ ᠶᠢ ᠤᠬᠠᠭᠤᠯᠤᠨ | ᠲᠠᠷᠬᠠᠭᠠᠵᠤ᠂ ᠢᠳᠡᠭᠡᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠤᠨ ᠬᠠᠮᠤᠭ ᠤᠨ ᠶᠡᠭᠡ ᠬᠡᠮᠵᠢᠶ᠎ᠡ᠂ | ᠢᠳᠡᠭᠡᠨ ᠤ ᠳᠣᠲᠣᠷᠠᠬᠢ ᠮᠠᠯ ᠤᠨ ᠡᠮ ᠤᠨ ᠦᠯᠡᠳᠡᠭᠳᠡᠯ ᠤᠨ ᠬᠠᠮᠤᠭ ᠤᠨ ᠶᠡᠭᠡ ᠬᠡᠮᠵᠢᠶ᠎ᠡ᠂ ᠲᠠᠸᠠᠷ ᠢ ᠬᠡᠲᠦᠷᠡᠲᠡᠯ᠎ᠡ | ᠪᠣᠭᠤᠳᠠᠯᠯᠠᠬᠤ ᠶᠢ ᠬᠢᠵᠠᠭᠠᠷᠯᠠᠬᠤ ᠱᠠᠭᠠᠷᠳᠠᠯᠭ᠎ᠠ ᠵᠢᠴᠢ ᠲᠦᠭᠦᠬᠡᠢ ᠰᠢᠨ᠎ᠡ ᠰᠣᠷᠭᠤᠭ ᠲᠠᠷᠢᠶᠠᠯᠠᠩ ᠤᠨ ᠢᠳᠡᠭᠡᠨ ᠤ | ᠪᠦᠲᠦᠭᠡᠭᠳᠡᠬᠦᠨ ᠤ ᠡᠷᠬᠡᠪᠰᠢ ᠮᠡᠳᠡᠬᠦ ᠤᠬᠠᠭᠤᠯᠭ᠎ᠠ ᠶᠢᠨ ᠬᠠᠭᠤᠳᠠᠰᠤ ᠨᠡᠶᠢᠳᠡ 200 ᠭᠠᠷᠤᠢ ᠬᠤᠪᠢ ᠲᠠᠷᠬᠠᠭᠠᠪᠠ᠃ | ᠡᠭᠦᠨ ᠤ ᠬᠠᠮᠲᠤ᠂ ᠵᠢᠮᠢᠰ ᠢᠳᠡᠰᠢᠨ ᠨᠣᠭᠤᠭ᠎ᠠ ᠳᠤ ᠠᠬᠤᠢ ᠲᠠᠯᠠᠪᠤᠷ ᠤᠨ ᠲᠠᠷᠢᠶᠠᠨ ᠡᠮ ᠤᠨ ᠦᠯᠡᠳᠡᠭᠳᠡᠯ ᠢ | ᠲᠦᠷᠭᠡᠨ ᠰᠢᠯᠭᠠᠨ ᠪᠠᠶᠢᠴᠠᠭᠠᠬᠤ᠂ ᠠᠮᠠᠯᠳᠤᠭᠰᠠᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠲᠠᠸᠠᠷ ᠲᠤ | ᠦᠨᠡᠮᠯᠡᠯ ᠤᠯᠭᠤᠬᠤ ᠠᠯᠬᠤᠮ ᠳᠠᠷᠠᠭ᠎ᠠ ᠶᠢ ᠦᠵᠡᠭᠦᠯᠪᠡ᠃ | | | | | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠪᠦᠬᠦ ᠨᠡᠶᠢᠭᠡᠮ ᠤᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠶᠤᠯᠭᠦᠢ ᠶᠢᠨ ᠠᠵᠢᠯ ᠳᠤ ᠣᠷᠣᠯᠴᠠᠬᠤ ᠤᠬᠠᠮᠰᠠᠷ ᠢ ᠴᠢᠩᠭᠠᠷᠠᠭᠤᠯᠵᠤ᠂ ᠢᠳᠡᠭᠡᠨ ᠤ | ᠠᠶᠤᠯᠭᠦᠢ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠭᠡᠳ ᠨᠡᠶᠢᠭᠡᠮ ᠤᠨ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠢᠳᠡᠭᠡᠨ ᠤ ᠠᠶᠤᠯᠭᠦᠢ ᠶᠢᠨ ᠠᠵᠢᠯ ᠳᠤ ᠣᠷᠣᠯᠴᠠᠬᠤ ᠬᠡᠮᠵᠢᠶ᠎ᠡ᠂ | ᠬᠦᠷᠲᠡᠮᠵᠢ ᠶᠢᠨ ᠲᠥᠷᠥᠭᠳᠡᠯ ᠢ ᠲᠡᠭᠡᠭᠰᠢᠯᠡᠭᠦᠯᠪᠡ᠃ |