ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨ ᠬᠡᠮᠵᠢᠯᠲᠡ ᠶᠢᠨ ᠪᠠᠭᠠᠵᠢ ᠬᠡᠷᠡᠭᠰᠡᠯ ᠢ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠲᠤᠰᠬᠠᠢ  ᠪᠠᠶᠢᠴᠠᠭᠠᠬᠤ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/10/11
    10 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨ ᠬᠡᠮᠵᠢᠯᠲᠡ ᠶᠢᠨ ᠪᠠᠭᠠᠵᠢ ᠬᠡᠷᠡᠭᠰᠡᠯ ᠢ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠲᠤᠰᠬᠠᠢ ᠪᠠᠶᠢᠴᠠᠭᠠᠬᠤ ᠪᠠᠶᠢᠷᠢᠯᠠᠭᠤᠯᠤᠯᠲᠠ ᠶᠢᠨ ᠬᠤᠷᠠᠯ ᠬᠢᠪᠡ᠃
ef616c9fce765b9de065ea92b67773a.jpg
    ᠬᠤᠷᠠᠯ ᠠᠴᠠ ᠴᠢᠬᠤᠯᠠᠴᠢᠯᠠᠭᠰᠠᠨ ᠨᠢ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠳᠦᠷᠢᠮᠵᠢᠭᠦᠯᠦᠨ ᠦᠨᠡᠨᠴᠢ ᠢᠲᠡᠭᠡᠮᠵᠢᠲᠡᠢ ᠪᠠᠷ ᠬᠡᠷᠡᠭᠯᠡᠵᠦ ᠠᠷᠠᠯᠵᠢᠶᠠᠯᠠᠬᠤ ᠪᠣᠯ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠶᠠᠪᠤᠳᠠᠯ ᠮᠥᠨ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠠ ᠪᠠᠴᠢᠮ ᠲᠣᠯᠭᠠᠮ᠎ᠠ ᠴᠢᠨᠠᠷ ᠢ ᠭᠦᠢᠴᠡᠳ ᠲᠠᠨᠢᠵᠤ᠂ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠪᠥᠬᠦ ᠲᠠᠯ᠎ᠠ ᠪᠠᠷ ᠵᠥᠪ ᠢᠶᠠᠷ ᠬᠠᠨᠳᠤᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠬᠡᠮᠵᠢᠯᠲᠡ ᠶᠢᠨ ᠪᠠᠭᠠᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠶᠡᠷᠦᠩᠬᠡᠶᠢᠯᠡᠨ ᠠᠰᠢᠭᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠪᠠ ᠲᠠᠸᠠᠷ ᠤᠨ ᠬᠡᠮᠵᠢᠶ᠎ᠡ ᠶᠢᠨ ᠣᠨᠣᠪᠴᠢᠲᠠᠶ ᠪᠠᠶᠢᠬᠤ ᠶᠢ ᠪᠠᠲᠤᠯᠠᠵᠤ᠂ ᠥᠷᠭᠡᠨ ᠣᠯᠠᠨ ᠬᠡᠷᠡᠭᠯᠡᠭᠴᠢᠳ ᠲᠤ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠲᠦᠮᠡᠨ ᠤ ᠭᠠᠷ ᠲᠠᠬᠢ ︽ᠢᠳᠡᠰᠢᠨ ᠨᠣᠭᠤᠭᠠᠨ ᠰᠠᠭᠰᠤ︾ ᠶᠢ ᠨᠠᠩ ᠣᠨᠣᠪᠴᠢᠲᠠᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃    ᠬᠤᠷᠠᠯ ᠤᠨ ᠳᠠᠷᠠᠭ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠭᠴᠢ ᠭᠤᠣᠯ ᠬᠤᠲᠠ ᠶᠢᠨ ᠲᠣᠭᠤᠷᠢᠭ ᠤᠨ ᠹᠦ᠋ ᠮᠠᠨ ᠵᠢᠶᠠ ᠬᠡᠲᠦ ᠳᠡᠯᠭᠡᠭᠦᠷ᠂ ᠰᠢᠶᠠᠩ ᠪᠠ ᠯᠣᠤ ᠢᠳᠡᠭᠡᠨ ᠤ ᠳᠡᠯᠭᠡᠭᠦᠷ ᠵᠡᠷᠭᠡ ᠲᠠᠯᠠᠪᠤᠷ ᠲᠤ ᠭᠦᠨᠵᠡᠭᠡᠶᠢᠷᠡᠨ ᠡᠯᠧᠺᠲᠷᠣᠨ ᠵᠢᠩᠯᠡᠭᠦᠷ᠂ ᠲᠡᠩᠨᠡᠭᠦᠷ ᠵᠡᠷᠭᠡ ᠬᠡᠮᠵᠢᠯᠲᠡ ᠶᠢᠨ ᠪᠠᠭᠠᠵᠢ ᠬᠡᠷᠡᠭᠰᠡᠯ ᠢ ᠪᠠᠶᠢᠴᠠᠭᠠᠵᠤ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠦᠭᠴᠢ ᠠᠴᠠ ᠠᠬᠤᠢ ᠲᠠᠯᠠᠪᠠᠢ ᠳᠤ ᠪᠠᠷᠢᠮᠵᠢᠶᠠᠲᠤ ᠲᠤᠤᠬᠠᠢ ᠪᠠᠷ ᠬᠡᠮᠵᠢᠯᠲᠡ ᠬᠢᠵᠦ᠂ ᠡᠯᠧᠺᠲᠷᠣᠨ ᠵᠢᠩᠯᠡᠭᠦᠷ ᠢ ᠬᠠᠤᠯᠢ ᠶᠣᠰᠣᠭᠠᠷ ᠠᠯᠪᠠᠳᠠᠯᠭ᠎ᠠ ᠪᠠᠷ ᠰᠢᠯᠭᠠᠨ ᠲᠣᠭᠲᠠᠭᠠᠭᠰᠠᠨ ᠡᠰᠡᠬᠦ᠂ ᠬᠡᠮᠵᠢᠯᠲᠡ ᠶᠢᠨ ᠬᠡᠮ ᠬᠢᠭᠰᠡᠨ ᠦᠶᠯᠡ ᠠᠵᠢᠯᠯᠠᠭ᠎ᠠ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠬᠤᠳᠠᠯᠳᠤᠭᠠᠴᠢᠨ ᠵᠢᠴᠢ ᠬᠡᠷᠡᠭᠯᠡᠭᠴᠢᠳ ᠲᠤ ᠬᠡᠮᠵᠢᠯᠲᠡ ᠶᠢᠨ ᠬᠠᠤᠯᠢ ᠲᠣᠭᠲᠠᠭᠠᠯ ᠵᠢᠴᠢ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠵᠢᠷᠤᠮᠵᠢᠯ ᠢ ᠤᠬᠠᠭᠤᠯᠤᠨ ᠲᠠᠶᠢᠯᠪᠤᠷᠢᠯᠠᠵᠤ᠂ ᠬᠤᠳᠠᠯᠳᠤᠭᠠᠴᠢᠨ ᠤ ᠥᠪᠡᠷ ᠢ ᠪᠠᠨ ᠱᠠᠭᠠᠷᠳᠠᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠰᠢᠪᠠᠳᠠᠨ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠴᠠᠭ ᠲᠤᠬᠠᠢ ᠳᠤᠨᠢ ᠰᠢᠯᠭᠠᠨ ᠲᠣᠭᠲᠠᠭᠠᠵᠤ᠂ ᠰᠢᠯᠭᠠᠨ ᠪᠠᠶᠢᠴᠠᠭᠠᠭᠰᠠᠨ ᠦᠭᠡᠢ ᠬᠡᠮᠵᠢᠯᠲᠡ ᠶᠢᠨ ᠪᠠᠭᠠᠵᠢ ᠬᠡᠷᠡᠭᠰᠡᠯ ᠢ ᠵᠠᠷᠯᠢᠭᠳᠠᠨ ᠴᠡᠭᠴᠡᠯᠡᠨ ᠥᠭᠡᠷᠡᠴᠢᠯᠡᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠶᠣᠰᠣᠨ ᠳᠤ ᠨᠡᠶᠢᠴᠡᠭᠦᠯᠦᠨ ᠬᠡᠷᠡᠭᠯᠡᠬᠦ ᠶᠢ ᠦᠨᠡᠨ ᠬᠦ ᠪᠠᠲᠣᠯᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号