ᠵᠠᠷᠤᠳ ᠬᠤᠰᠢᠭᠤ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠵᠦ ᠪᠤᠢ
ᠨᠡᠶᠢᠲᠡᠯᠡᠭᠰᠡᠨ ᠴᠠᠭ᠄
2023/10/11
    ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠬᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠴᠤ᠂ ᠵᠠᠩᠭᠢᠯᠠᠭ᠎ᠠ ᠶᠢᠨ ᠴᠡᠭ᠂ ᠵᠠᠩᠭᠢᠯᠠᠭ᠎ᠠ ᠶᠢᠨ ᠬᠡᠰᠡᠭ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠴᠢᠷᠮᠠᠶᠢᠪᠠ᠃
53688bf713dac22b56be0232969fd59.jpg
    ᠦᠵᠡᠯ ᠰᠠᠨᠠᠭ᠎ᠠ ᠲᠠᠨᠢᠯᠲᠠ ᠪᠠᠨ ᠴᠢᠩᠭ᠎ᠠ ᠠᠳᠬᠤᠵᠤ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠪᠠ᠃ ᠪᠠᠭᠰᠢ ᠰᠤᠷᠤᠭᠴᠢ ᠶᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠢᠨ ᠤᠷᠢᠳ ᠬᠤᠵᠢᠳ ᠣᠯᠠᠨ ᠤᠳᠠᠭ᠎ᠠ ᠲᠤᠰᠬᠠᠢ ᠬᠤᠷᠠᠯ ᠬᠢᠵᠦ᠂ ᠠᠮᠤᠷ ᠲᠦᠪᠰᠢᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠰᠤᠷᠭᠠᠭᠤᠯᠢ ᠶᠢ ᠨᠡᠶᠢᠳᠡᠮ ᠬᠠᠮᠤᠷᠬᠤ ᠶᠢ ᠵᠣᠬᠢᠶᠠᠨ ᠪᠠᠶᠢᠭᠤᠯᠤᠨ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠠᠵᠢᠯ ᠤᠨ ᠱᠠᠭᠠᠷᠳᠠᠯᠭ᠎ᠠ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠡᠮᠵᠢ ᠶᠢᠨ ᠮᠡᠳᠡᠭᠳᠡᠯ ᠪᠠᠭᠤᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠪᠥᠬᠦ ᠲᠠᠯ᠎ᠠ ᠪᠠᠷ ᠬᠠᠮᠵᠢᠯᠴᠠᠬᠤ ᠠᠵᠢᠯ ᠤᠨ ᠪᠠᠶᠢᠷᠢᠰᠢᠯ ᠢ ᠬᠦᠴᠦᠯᠡᠨ ᠪᠣᠶ ᠪᠣᠯᠭᠠᠪᠠ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ︾ ᠶᠢ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ᠂ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠵᠡᠷᠭᠡ ᠵᠠᠩᠭᠢᠯᠠᠭ᠎ᠠ ᠶᠢᠨ ᠴᠡᠭ ᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠶᠡᠭᠡ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃    ᠵᠠᠩᠭᠢᠯᠠᠭ᠎ᠠ ᠶᠢᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠪᠠ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠢᠳᠡᠭᠡᠨ ᠪᠠ ᠡᠮ ᠤᠨ ᠵᠦᠢᠯ ᠳᠤ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠳᠤ ᠭᠦᠨᠵᠡᠭᠡᠶᠢᠷᠡᠨ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠰᠤᠷᠭᠠᠭᠤᠯᠢ ᠶᠢᠨ ᠲᠡᠷᠭᠡ᠂ ᠰᠤᠷᠭᠠᠭᠤᠯᠢ ᠶᠢᠨ ᠭᠡᠷ ᠪᠠᠶᠢᠰᠢᠩ᠂ ᠢᠳᠡᠭᠡᠨ ᠵᠢᠴᠢ ᠤᠤᠭᠤᠬᠤ ᠤᠰᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠡᠯᠡᠳᠬᠡᠮᠵᠢ ᠲᠥᠬᠦᠭᠡᠷᠦᠮᠵᠢ ᠵᠡᠷᠭᠡ ᠳᠤ ᠠᠬᠤᠢ ᠲᠠᠯᠠᠪᠠᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠰᠤᠷᠭᠠᠭᠤᠯᠢ ᠶᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠰᠢᠨᠡᠳᠬᠡᠬᠦ ᠪᠠ ᠵᠠᠰᠠᠪᠤᠷᠢ ᠣᠷᠣᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠠᠷ᠎ᠠ ᠪᠦᠷᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠯᠲᠡ ᠶᠢᠨ ᠤᠷ᠎ᠠ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠰᠡᠳᠬᠢᠴᠡ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠳᠠᠷᠤᠭᠠᠰᠤ ᠶᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ︽ᠲᠠᠪᠤᠨ ᠵᠦᠢᠯ ᠤᠨ ᠬᠠᠮᠢᠶᠠᠷᠤᠯᠲᠠ︾ ᠶᠢ ᠴᠢᠩᠭᠠᠳᠬᠠᠵᠤ᠂ ︽ᠨᠣᠮ ᠤᠩᠰᠢᠬᠤ ᠪᠠᠶᠠᠷ︾᠂ ︽ᠤᠷᠠᠯᠢᠭ ᠤᠨ ᠪᠠᠶᠠᠷ︾᠂ ︽ᠪᠡᠶ᠎ᠡ ᠲᠠᠮᠢᠷ ᠤᠨ ᠪᠠᠶᠠᠷ︾ ᠵᠡᠷᠭᠡ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠰᠤᠷᠤᠭᠴᠢᠳ ᠤᠨ ᠰᠡᠳᠬᠢᠯ ᠰᠠᠨᠠᠭ᠎ᠠ ᠦᠭᠡᠳᠡᠷᠭᠡᠭ᠂ ᠡᠷᠡᠭᠦᠯ ᠢᠶᠠᠷ ᠦᠰᠦᠨ ᠪᠣᠶᠢᠵᠢᠬᠤ ᠶᠢ ᠬᠦᠴᠦᠯᠡᠨ ᠬᠥᠲᠥᠯᠥᠨ ᠵᠢᠯᠣᠭᠤᠳᠪᠠ᠃    ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠳᠠᠲᠠᠢ ᠠᠳᠬᠤᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠴᠢᠩᠭᠠᠷᠠᠭᠤᠯᠪᠠ᠃ ︽ᠵᠠᠷᠤᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠲᠥᠰᠥᠯ︾ ᠢ ᠲᠣᠭᠲᠠᠭᠠᠵᠤ᠂ ᠭᠡᠷ ᠪᠠᠶᠢᠷᠢ ᠶᠢᠨ ᠪᠠᠶᠢᠳᠠᠯ ᠢ ᠣᠶᠢᠯᠠᠭᠠᠬᠤ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ︽ᠭᠤᠷᠪᠠ ᠶᠢ ᠰᠡᠷᠭᠡᠶᠢᠯᠡᠬᠦ︾ ᠠᠵᠢᠯ᠂ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢᠨ ᠲᠥᠷᠥᠯ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠶᠢ ᠴᠦ ᠣᠷᠬᠢᠭᠳᠠᠭᠤᠯᠬᠤ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠪᠡ᠃ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠳᠤ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠠᠷᠢᠨ ᠲᠠᠩᠰᠠᠴᠢᠯᠠᠭᠰᠠᠨ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠂ ᠠᠯᠳᠠᠭ᠎ᠠ ᠳᠣᠲᠠᠭᠳᠠᠯ ᠢᠶᠠᠨ ᠳᠠᠷᠤᠢ ᠳᠤᠨᠢ ᠵᠠᠯᠠᠷᠠᠭᠤᠯᠵᠤ ᠳᠡᠶᠢᠯᠬᠦ ᠶᠢ ᠨᠢ ᠲᠡᠷᠡ  ᠳᠠᠷᠤᠢ ᠳᠤᠨᠢ ᠵᠠᠯᠠᠷᠠᠭᠤᠯᠵᠤ᠂ ᠳᠠᠷᠤᠢ ᠴᠡᠭᠴᠡᠯᠡᠨ ᠵᠠᠰᠠᠵᠤ ᠳᠡᠶᠢᠯᠬᠦ ᠦᠭᠡᠢ ᠶᠢ ᠨᠢ ᠲᠤᠰᠬᠠᠢ ᠬᠥᠮᠥᠨ ᠲᠣᠭᠲᠠᠭᠠᠨ ᠠᠩᠬᠠᠷᠤᠨ ᠰᠡᠷᠭᠡᠶᠢᠯᠡᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠨ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠡᠯᠡ ᠮᠥᠩᠭᠦ᠂ ᠴᠠᠭ ᠤᠨ ᠬᠢᠵᠠᠭᠠᠷ ᠪᠠ ᠪᠡᠯᠡᠳᠬᠡᠯ ᠲᠥᠰᠥᠯ ︽ᠲᠠᠪᠤ ᠶᠢ ᠨᠠᠶᠢᠳᠠᠪᠤᠷᠢᠵᠢᠭᠤᠯᠬᠤ︾ ᠶᠢ ᠪᠡᠶᠡᠯᠡᠭᠦᠯᠪᠡ᠃ ᠶᠡᠭᠡ ᠨᠢᠭᠲᠠᠴᠠ᠂ ᠥᠨᠳᠥᠷ ᠳᠠᠪᠲᠠᠮᠵᠢ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠦᠷᠭᠦᠯᠵᠢᠯᠡᠨ ᠥᠷᠨᠢᠭᠦᠯᠵᠦ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠵᠤ᠂ ᠳᠠᠯᠳᠠ ᠭᠡᠮ ᠢ ᠪᠢᠲᠡᠭᠦᠮᠵᠢᠯᠡᠨ ᠠᠷᠢᠩᠭᠠᠬᠤ ᠶᠢ ᠪᠠᠲᠣᠯᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠦᠨᠳᠦᠰᠦᠨ ᠳᠡᠭᠡᠨ ᠴᠡᠭᠴᠡᠯᠡᠨ ᠵᠠᠰᠠᠵᠤ ᠳᠠᠭᠤᠰᠬᠠᠭᠠᠳ᠂ 5 ᠰᠤᠷᠭᠠᠭᠤᠯᠢ ᠶᠢ ᠬᠤᠲᠠ ᠶᠢᠨ ᠲᠠᠰ ᠤᠨ ᠠᠮᠤᠭᠤᠯᠠᠩ ᠰᠤᠷᠭᠠᠭᠤᠯᠢ ᠶᠢᠨ ᠬᠦᠷᠢᠶ᠎ᠡ ᠪᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号