| 10 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠦᠯᠬᠦᠮ | ᠳᠠᠭᠠᠭᠤᠯᠤᠨ ᠬᠤᠰᠢᠭᠤᠨ ᠤ ᠳᠣᠲᠣᠷᠠᠬᠢ ᠭᠤᠣᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ | ᠬᠤᠳᠠᠯᠳᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠤ | ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠳ᠋ᠢᠩ ᡁᠢ ᠭᠠᠩ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠵᠦᠩ ᠬᠠᠢ ᠪᠥᠸᠧ ᠲᠦᠩ ᠪᠠᠶᠢᠭᠠᠯᠢ ᠶᠢᠨ | ᠰᠢᠲᠠᠮᠠᠬᠠᠢ ᠬᠡᠢ᠂ ᠬᠠᠢ ᠳ᠋ᠢ ᠯᠣᠤ ᠢᠳᠡᠭᠡᠨ ᠤ ᠬᠢᠵᠠᠭᠠᠷᠲᠤ ᠺᠣᠮᠫᠠᠨᠢ᠂ ᠮᠦ ᠶᠤᠸᠠᠨ ᠲᠠᠷᠢᠶᠠᠯᠠᠩ ᠮᠠᠯ ᠠᠵᠤ | ᠠᠬᠤᠢ ᠶᠢᠨ ᠬᠢᠵᠠᠭᠠᠷᠲᠤ ᠺᠣᠮᠫᠠᠨᠢ᠂ ᠪᠦᠷᠢᠨ ᠪᠠᠷᠠᠭᠠᠲᠣ ᠳᠡᠯᠭᠡᠭᠦᠷ᠂ ᠴᠢᠶᠠᠨ ᠱᠦᠨ ᠰᠢᠨ ᠲᠢᠶᠠᠨ ᠳ᠋ᠢ | ᠬᠤᠳᠠᠯᠳᠤᠭᠠᠨ ᠤ ᠲᠥᠪ᠂ ᠹᠦ᠋ ᠷᠦᠢ ᠬᠢᠲᠠᠳ ᠡᠮᠨᠡᠯᠭᠡ ᠶᠢᠨ ᠬᠤᠷᠢᠶ᠎ᠠ᠂ ᠰᠢᠩ ᠯᠦ ᠲᠡᠭᠡᠭᠡᠪᠦᠷᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠢᠶᠠᠷ ᠬᠦᠷᠴᠦ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠣᠷᠣᠰᠢᠵᠤ ᠪᠠᠶᠢᠭ᠎ᠠ | ᠬᠦᠴᠢᠷᠳᠡᠯ ᠢ ᠠᠰᠠᠭᠤᠨ ᠣᠶᠢᠯᠠᠭᠠᠪᠠ᠃ | ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠢᠨ ᠤᠯᠠᠷᠢᠯ ᠤᠨ ᠴᠢᠨᠠᠷᠲᠠᠢ | ᠠᠵᠢᠯᠴᠢᠨ ᠬᠡᠷᠡᠭᠯᠡᠬᠦ ᠠᠵᠢᠯᠴᠢᠨ ᠡᠯᠰᠡᠬᠦ ᠳᠤ ᠬᠦᠴᠢᠷᠲᠡᠢ᠂ ᠠᠵᠢᠯᠲᠠᠨ ᠤ ᠰᠢᠯᠵᠢᠩᠭᠦᠢ ᠴᠢᠨᠠᠷ ᠶᠡᠭᠡ ᠪᠠᠶᠢᠬᠤ ᠵᠡᠷᠭᠡ | ᠠᠰᠠᠭᠤᠳᠠᠯ ᠢ ᠳᠣᠰᠬᠠᠪᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ | ᠬᠢᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠥᠪᠡᠷ ᠤᠨ ᠥᠷᠲᠡᠭ᠂ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠠᠯ᠎ᠠ ᠪᠠᠷ ᠰᠠᠨᠠᠯ ᠢᠶᠠᠨ | ᠰᠣᠯᠢᠯᠴᠠᠵᠤ᠂ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠵᠤ᠂ ᠨᠠᠰᠣᠲᠠᠢ ᠠᠵᠢᠯᠴᠢᠨ ᠬᠡᠷᠡᠭᠯᠡᠬᠦ ᠳᠤ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠬᠤ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠠᠬᠤᠢ | ᠲᠠᠯᠠᠪᠠᠢ ᠳᠤᠨᠢ ᠲᠠᠶᠢᠯᠪᠤᠷᠢᠯᠠᠨ᠂ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠬᠢᠬᠦ ᠶᠢ ᠵᠢᠯᠤᠭᠤᠳᠴᠤ᠂ ᠠᠵᠤ | ᠠᠬᠤᠶᠢᠯᠠᠯ ᠤᠨ ᠢᠲᠡᠭᠡᠯ ᠵᠣᠷᠢᠭ ᠢᠶᠠᠨ ᠪᠠᠲᠤᠳᠬᠠᠨ᠂ ᠠᠵᠢᠯᠲᠠᠨ ᠡᠯᠰᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ | ᠂ ᠠᠵᠢᠯ ᠣᠯᠭᠤᠯᠲᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠠᠵᠤ ᠠᠬᠤᠶᠢᠯᠠᠯ ᠤᠨ | ᠲᠣᠰ ᠪᠡᠶ᠎ᠡ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠨᠡᠮᠡᠭᠳᠡᠭᠦᠯᠬᠦ ᠶᠢ ᠴᠢᠩᠭᠠᠳᠬᠠᠪᠠ᠃ | ᠳ᠋ᠢᠩ ᡁᠢ ᠭᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠪᠠᠶᠢᠴᠠᠭᠠᠨ | ᠰᠤᠳᠤᠯᠤᠯᠲᠠ ᠬᠢᠬᠦ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠳᠤᠮᠳᠠᠬᠢ ᠲᠦᠭᠵᠢᠷᠡᠯ᠂ ᠡᠪᠡᠷᠰᠢᠶᠡᠯ ᠢ ᠲᠣᠳᠣᠷᠬᠠᠢ ᠣᠶᠢᠯᠠᠭᠠᠵᠤ᠂ ᠢᠳᠡᠪᠬᠢᠲᠡᠢ ᠣᠯᠣᠯᠴᠠᠨ | ᠵᠣᠬᠢᠴᠠᠭᠤᠯᠤᠨ ᠰᠢᠢᠳᠪᠦᠷᠢᠯᠡᠵᠦ᠂ ᠬᠠᠪᠰᠤᠷᠤᠨ ᠲᠡᠳᠬᠦᠬᠦ ᠵᠢᠯᠣᠭᠤᠳᠤᠯᠭ᠎ᠠ ᠬᠠᠩᠭᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠡᠯᠧᠮᠧᠨ᠋ᠲ ᠤᠨ | ᠪᠠᠲᠤᠯᠠᠭ᠎ᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠠᠵᠤ ᠠᠬᠤᠶᠢᠯᠠᠯ ᠳᠤ | ᠰᠢᠭᠤᠳ ᠬᠦᠷᠭᠡᠬᠦ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠲᠡᠷᠢᠭᠦᠨ ᠤ | ᠡᠵᠡᠩᠨᠡᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠳᠣᠲᠣᠨᠣ ᠵᠠᠰᠠᠭ ᠬᠤᠳᠠᠯᠳᠤᠭᠠᠨ ᠤ | ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠲᠠᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠪᠠᠶᠢᠭᠠᠳ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | |