| | 10 ᠰᠠᠷ᠎ᠠ ᠶᠢᠨ 9 ᠤ ᠡᠳᠦᠷ᠂ ᠵᠠᠷᠤᠳ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ | ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠶᠠᠩ ᠽᠢ ᠴᠢᠶᠠᠩ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ᠲᠠᠯᠠᠪᠠᠢ ᠶᠢᠨ | ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠤᠨ ᠪᠥᠬᠦ ᠬᠤᠰᠢᠭᠤᠨ ᠤ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ︽ᠪᠥᠬᠦ ᠬᠤᠲᠠ ᠶᠢᠨ | 1 ︱ 9 ᠰᠠᠷ᠎ᠠ ᠶᠢᠨ ᠠᠮᠢᠨ ᠬᠡᠷᠡᠭ ᠤᠨ ᠪᠠᠶᠢᠳᠠᠯ ᠤᠨ ᠲᠣᠬᠠᠢ ᠵᠠᠳᠠᠯᠤᠯᠲᠠ ᠶᠢᠨ ᠮᠡᠳᠡᠭᠦᠯᠦᠯᠲᠡ︾ ᠵᠢᠴᠢ ᠪᠥᠬᠦ | ᠬᠤᠰᠢᠭᠤᠨ ᠤ 1 ︱ 9 ᠰᠠᠷ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ | ︽ᠠᠮᠤᠷ ᠲᠠᠶᠢᠪᠤᠩ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠢ ᠰᠤᠷᠤᠯᠴᠠᠭᠰᠠᠨ ᠪᠥᠭᠡᠳ ᠣᠳᠣᠬᠠᠨ ᠤ ᠵᠠᠬᠢᠳᠠᠯ | ᠰᠣᠷᠪᠤᠯᠵᠢᠯᠠᠭ᠎ᠠ ᠶᠢᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢ | ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠥᠨᠳᠥᠷᠴᠡ ᠳᠤ | ᠵᠣᠭᠰᠣᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ | ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ᠂ ᠰᠡᠷᠭᠡᠶᠢᠯᠡᠬᠦ᠂ ᠠᠷᠢᠯᠭᠠᠬᠤ ᠭᠦᠢᠴᠡᠳ ᠦᠵᠡᠯ ᠰᠠᠨᠠᠭᠠᠨ ᠤ | ᠪᠡᠯᠡᠳᠬᠡᠯ ᠪᠠ ᠠᠵᠢᠯ ᠤᠨ ᠪᠡᠯᠡᠳᠬᠡᠯ ᠢ ᠦᠨᠡᠨᠬᠦ ᠰᠠᠶᠢᠲᠤᠷ ᠬᠢᠵᠦ᠂ ᠬᠠᠮᠤᠭ ᠤᠨ ᠴᠢᠩᠭ᠎ᠠ ᠡᠭᠦᠷᠭᠡᠯᠡᠯ᠂ ᠬᠠᠮᠤᠭ ᠤᠨ | ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ︽ ᠹᠧᠩ | ᠴᠢᠶ᠋ᠢᠦ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠪᠠᠨ ᠰᠡᠳᠬᠢᠯ ᠠᠴᠠ ᠪᠠᠨ | ᠮᠡᠳᠡᠵᠦ᠂ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠪᠣᠳᠠᠲᠤ ᠠᠵᠢᠯᠯᠠᠭ᠎ᠠ ᠳᠡᠭᠡᠷ᠎ᠡ ᠪᠠᠨ ᠭᠦᠢᠴᠡᠳᠬᠡᠬᠦ ᠶᠢ | ᠪᠡᠶᠡᠯᠡᠭᠦᠯᠵᠦ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ | ᠴᠢᠩᠭᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠲᠣᠭᠲᠠᠴᠠ ᠶᠢ ᠰᠠᠶᠢᠲᠤᠷ ᠬᠡᠷᠡᠭᠯᠡᠨ | ᠭᠦᠢᠴᠡᠳ ᠬᠡᠷᠡᠭᠯᠡᠵᠦ᠂ ᠬᠠᠤᠯᠢ ᠪᠠᠷ ᠵᠠᠰᠠᠬᠤ ᠰᠡᠳᠬᠢᠬᠦᠢ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠶᠢ ᠴᠢᠬᠤᠯᠠᠴᠢᠯᠠᠵᠤ᠂ ᠠᠵᠢᠯ | ᠲᠠᠯ᠎ᠠ ᠪᠠᠷ ᠬᠤᠯᠪᠣᠯᠳᠤᠨ ᠬᠥᠳᠡᠯᠦᠯᠴᠡᠬᠦ᠂ ᠮᠡᠳᠡᠭᠡ ᠵᠠᠩᠭᠢ ᠶᠢ ᠬᠤᠯᠪᠣᠯᠳᠤᠭᠤᠯᠤᠨ ᠨᠡᠪᠲᠡᠷᠡᠯᠴᠡᠬᠦ᠂ ᠠᠰᠠᠭᠤᠳᠠᠯ ᠢ | ᠬᠤᠯᠪᠣᠯᠳᠤᠭᠤᠯᠤᠨ ᠰᠢᠢᠳᠪᠦᠷᠢᠯᠡᠬᠦ ᠶᠢ ᠦᠷᠭᠦᠯᠵᠢᠯᠡᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠶᠢ | ᠨᠡᠪᠲᠡᠷᠡᠯᠴᠡᠭᠦᠯᠦᠭᠰᠡᠨ᠂ ᠰᠢᠰᠲ᠋ᠧᠮ ᠪᠠ ᠬᠡᠰᠡᠭ ᠢ ᠬᠠᠮᠵᠢᠯᠴᠠᠭᠤᠯᠤᠭᠰᠠᠨ᠂ ᠡᠬᠢ ᠡᠭᠦᠰᠦᠯ ᠠᠴᠠ ᠨᠢ ᠵᠠᠰᠠᠭᠰᠠᠨ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ | ᠪᠤᠢ ᠪᠣᠯᠭᠠᠬᠤ ᠬᠡᠷᠡᠭᠲᠡᠢ᠃ ᠬᠢᠨᠠᠨ ᠰᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠵᠠᠬᠢᠳᠠᠯ | ᠰᠣᠷᠪᠤᠯᠵᠢᠯᠠᠭ᠎ᠠ ᠶᠢᠨ ᠬᠢᠨᠠᠨ ᠰᠢᠯᠭᠠᠵᠤ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠲᠣᠭᠲᠠᠴᠠ ᠶᠢ ᠤᠯᠠᠮ ᠨᠢᠭᠡ | ᠠᠯᠬᠤᠮ ᠪᠠᠶᠢᠭᠤᠯᠤᠨ ᠪᠦᠷᠢᠨᠰᠢᠭᠦᠯᠵᠦ᠂ ︽ᠬᠠᠷᠢᠭᠤᠴᠠᠯᠭ᠎ᠠ ᠶᠢᠨ ᠲᠠᠷᠢᠶ᠎ᠠ︾ ᠶᠢ ᠲᠣᠳᠣᠷᠬᠠᠢ ᠢᠯᠭᠠᠵᠤ᠂ ︽ | ᠲᠣᠳᠣᠷᠬᠠᠢ ᠲᠠᠩᠰᠠ︾ ᠵᠢᠭᠰᠠᠭᠠᠵᠤ᠂ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ᠂ ᠵᠠᠰᠠᠯᠲᠠ ᠶᠢᠨ ᠠᠬᠢᠴᠠ | ᠤᠳᠠᠭᠠᠨ᠂ ᠪᠠᠷᠢᠮᠵᠢᠶ᠎ᠠ ᠳᠤ ᠬᠦᠷᠦᠭᠰᠡᠨ ᠦᠭᠡᠢ ᠪᠠᠶᠢᠪᠠᠯ᠂ ᠬᠠᠷᠢᠭᠤᠴᠠᠯᠭ᠎ᠠ ᠠᠰᠠᠭᠤᠬᠤ ᠨᠡᠬᠡᠮᠵᠢᠯᠡᠬᠦ ᠲᠡᠰ | ᠳᠠᠷᠠᠭᠠᠯᠠᠯ ᠢ ᠡᠬᠢᠯᠡᠭᠦᠯᠵᠦ᠂ ︽ᠦᠨᠡᠨᠬᠦ ᠬᠠᠮᠢᠶᠠᠷᠴᠤ ᠦᠨᠡᠨᠬᠦ ᠴᠢᠩᠭ᠎ᠠ ᠪᠠᠶᠢᠬᠤ᠂ ᠵᠣᠷᠢᠭᠲᠠᠢ ᠬᠠᠮᠢᠶᠠᠷᠴᠤ ᠵᠣᠷᠢᠭᠲᠠᠢ | ᠴᠢᠩᠭ᠎ᠠ ᠪᠠᠶᠢᠬᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠬᠤ︾ ᠶᠢ | ᠦᠨᠡᠨᠬᠦ ᠪᠡᠶᠡᠯᠡᠭᠦᠯᠵᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠪᠠᠨ ᠨᠡᠬᠡᠮᠵᠢᠯᠡᠬᠦ ᠳᠤ ᠵᠠᠪᠠᠯ | ᠴᠢᠩᠭ᠎ᠠ ᠪᠠᠶᠢᠬᠤ ᠶᠢ ᠪᠠᠶᠢᠩᠭᠤᠵᠢᠭᠤᠯᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠬᠤ | ᠬᠡᠷᠡᠭᠲᠡᠢ᠃ ᠣᠨ ᠤ ᠲᠣᠭᠲᠠᠭᠰᠠᠨ ᠬᠠᠷᠠᠯᠲᠠ ᠲᠠᠢ ᠬᠠᠷᠢᠴᠠᠭᠤᠯᠵᠤ᠂ ᠠᠵᠢᠯ ᠤᠨ ᠡᠭᠦᠷᠭᠡ ᠶᠢ ᠪᠥᠬᠦ ᠲᠠᠯ᠎ᠠ ᠪᠠᠷ | ᠡᠮᠬᠢᠯᠡᠨ ᠳᠢᠭᠯᠡᠵᠦ᠂ ᠭᠤᠣᠯ ᠰᠡᠳᠦᠪᠲᠦ ᠰᠤᠷᠭᠠᠨ ᠬᠥᠮᠦᠵᠢᠯ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ᠂ | ᠭᠤᠣᠯᠳᠠᠯᠭ᠎ᠠ ᠲᠠᠢ ᠡᠭᠦᠷᠭᠡ ᠵᠡᠷᠭᠡ ᠶᠢ ᠭᠦᠨᠵᠡᠭᠡᠢ ᠠᠭᠤᠰᠤᠯᠴᠠᠭᠤᠯᠤᠨ᠂ ᠬᠠᠷᠢᠯᠴᠠᠨ ᠠᠬᠢᠭᠤᠯᠵᠤ ᠬᠠᠮᠲᠤᠪᠠᠷ | ᠤᠷᠤᠭᠰᠢᠯᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨᠬᠦ ᠪᠠᠲᠣᠯᠠᠬᠤ ᠬᠡᠷᠡᠭᠲᠡᠢ ᠭᠡᠪᠡ᠃ | | | | | | | |